11 ᠰᠠᠷ᠎ᠠ ᠶᠢᠨ 27 ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ | ᠲᠢᠩᠬᠢᠮ ᠡᠴᠠᠭᠤᠤᠯᠯᠠᠨ ᠡᠷᠬᠢᠯᠡᠵᠦ᠂ ᠦᠪᠡᠷᠲᠡᠭᠡᠨ ᠵᠠᠰᠬᠠᠤ ᠤᠷᠤᠨ ᠤ ᠤᠷᠠᠯᠢᠭ ᠰᠤᠳᠤᠯᠤᠯ ᠤᠨ | ᠬᠦᠷᠢᠶᠡᠯᠡᠩ ᠠᠴᠠ ᠳᠠᠭᠠᠭᠠᠴᠢᠯᠠᠨᠡᠷᠬᠢᠯᠡᠭᠰᠡᠨ ᠠᠩᠬᠠᠳᠤᠭᠠᠷ ᠬᠤᠭᠤᠴᠠᠭᠠᠨ ᠤ ︽ᠤᠯᠠᠭᠠᠨᠮᠦ᠋ᠴᠢᠷ ᠤᠨ | ᠬᠦᠭᠵᠢᠯᠲᠡ ᠶᠢᠨ ᠶᠠᠷᠢᠶᠠᠨ ᠤ ᠲᠠᠪᠴᠠᠩ︾ ᠬᠦᠬᠡᠬᠤᠲᠠ ᠳ᠋ᠤ᠋ᠶᠠᠪᠤᠭᠳᠠᠪᠠ᠃ | ᠲᠤᠰ ᠶᠠᠷᠢᠶᠠᠨ ᠤ ᠲᠠᠪᠴᠠᠩ ᠨᠢ ︽ᠰᠢᠨ᠎ᠡ ᠶᠢ ᠡᠭᠦᠳᠬᠦ ᠪᠠᠷ ᠤᠯᠠᠭᠠᠨᠮᠦ᠋ᠴᠢᠷ ᠤᠨ ᠬᠦᠭᠵᠢᠯᠲᠡ ᠶᠢᠨ | ᠬᠦᠳᠡᠯᠭᠡᠭᠦᠷᠪᠤᠯᠭᠠᠬᠤ︾ ᠪᠠᠷ ᠭᠤᠤᠯ ᠰᠡᠳᠦᠪ ᠪᠤᠯᠭᠠᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ | ᠪᠠᠳᠠᠷᠠᠭᠤᠯᠵᠤ᠂ ᠤᠯᠠᠭᠠᠨᠮᠦ᠋ᠴᠢᠷ ᠤᠨᠰᠢᠯᠢᠳᠡᠭ ᠤᠯᠠᠮᠵᠢᠯᠠᠯ ᠢ ᠵᠠᠯᠭᠠᠮᠵᠢᠯᠠᠨ᠂ ᠤᠷᠤᠨ ᠤ ᠳᠤᠲᠤᠷ᠎ᠠ ᠭᠠᠳᠠᠨᠠᠬᠢ | ᠤᠯᠠᠭᠠᠨᠮᠦ᠋ᠴᠢᠷ ᠤᠨ ᠠᠵᠢᠯᠲᠠᠳ᠂ ᠰᠤᠳᠤᠯᠭᠠᠲᠠᠳ ᠲᠤ᠋ᠤᠷᠲᠤ ᠬᠤᠭᠤᠴᠠᠭ᠎ᠠ ᠪᠠᠷ ᠡᠷᠳᠡᠮ ᠰᠢᠨᠵᠢᠯᠡᠭᠡᠨ ᠤ | ᠰᠤᠯᠢᠯᠴᠠᠭ᠎ᠠ ᠬᠢᠬᠦ ᠲᠠᠪᠴᠠᠩ ᠬᠠᠩᠭᠠᠵᠤ᠂ ᠤᠷᠠᠯᠢᠭ ᠤᠨ ᠰᠤᠳᠤᠯᠭᠠᠨ ᠤᠪᠠᠶᠢᠭᠤᠯᠤᠮᠵᠢ ᠠᠴᠠ ᠰᠢᠢᠳᠪᠦᠷᠢᠲᠦ | ᠪᠤᠳᠤᠯᠭ᠎ᠠ ᠶᠢ ᠬᠡᠷᠡᠭᠵᠢᠭᠦᠯᠦᠨ᠂ ᠠᠷᠠᠳ ᠲᠦᠮᠡᠨ ᠳᠤ ᠰᠠᠶᠢᠲᠤᠷ ᠦᠢᠯᠡᠴᠢᠯᠡᠵᠦ᠂ᠤᠯᠠᠭᠠᠨᠮᠦ᠋ᠴᠢᠷ ᠤᠨ | ᠦᠢᠯᠡᠰ ᠤᠨ ᠬᠦᠭᠵᠢᠯᠲᠡ ᠳᠤ ᠤᠶᠤᠨ ᠤ ᠪᠠ ᠡᠷᠳᠡᠮ ᠰᠢᠨᠵᠢᠯᠡᠭᠡᠨ ᠤ ᠳᠡᠮᠵᠢᠯᠭᠡ ᠬᠠᠩᠭᠠᠵᠤ᠂ | ᠤᠯᠠᠭᠠᠨᠮᠦ᠋ᠴᠢᠷ ᠤᠨ ᠰᠤᠳᠤᠯᠭᠠᠨ ᠪᠤᠯᠤᠨ ᠰᠢᠭᠦᠮᠵᠢᠯᠡᠨ ᠦᠨᠡᠯᠡᠬᠦ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠵᠤ᠂ᠤᠯᠠᠭᠠᠨᠮᠦ᠋ᠴᠢᠷ ᠤᠨ ᠬᠦᠭᠵᠢᠯᠲᠡ ᠶᠢᠨ ᠵᠢᠮ᠎ᠡ ᠶᠤᠰᠤᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠦᠨ᠂ | ᠤᠯᠠᠭᠠᠨᠮᠦ᠋ᠴᠢᠷ ᠤᠨᠦᠢᠯᠡᠰ ᠤᠨ ᠰᠢᠨ᠎ᠡ ᠶᠢ ᠡᠭᠦᠳᠦᠨ ᠬᠦᠭᠵᠢᠬᠦ ᠶᠢ ᠲᠦᠯᠬᠢᠨ ᠠᠬᠢᠭᠤᠯᠬᠤ ᠶᠢ ᠵᠤᠷᠢᠭᠰᠠᠨ | ᠪᠠᠶᠢᠨ᠎ᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠩᠬᠠᠳᠤᠭᠠᠷ ᠬᠤᠭᠤᠴᠠᠭᠠᠨ ᠤ ︽ᠤᠯᠠᠭᠠᠨᠮᠦ᠋ᠴᠢᠷ ᠤᠨ | ᠬᠦᠭᠵᠢᠯᠲᠡ ᠵᠢᠨᠶᠠᠷᠢᠶᠠᠨ ᠤ ᠲᠠᠪᠴᠠᠩ︾ ᠳᠤ ᠡᠯᠰᠡᠭᠰᠡᠨ 64 ᠬᠤᠪᠢ ᠰᠢᠯᠢᠳᠡᠭ ᠦᠭᠦᠯᠡᠯ ᠳᠤ ᠱᠠᠩᠨᠠᠯ ᠤᠯᠭᠤᠵᠤ᠂ | ᠶᠠᠷᠢᠶᠠᠨ ᠤ ᠲᠠᠪᠴᠠᠩ ᠳ᠋ᠤ᠋ᠬᠦ᠋ᠷᠦᠯᠴᠡᠨ ᠢᠷᠡᠭᠰᠡᠨ ᠠᠬᠠᠮᠠᠳ ᠤᠯᠠᠭᠠᠨᠮᠦ᠋ᠴᠢᠷ ᠤᠨ ᠠᠵᠢᠯᠲᠠᠳ ᠤᠨ ᠲᠦᠯᠦᠭᠡᠯᠡᠭᠴᠢ᠂ | ᠤᠯᠠᠭᠠᠨᠮᠦ᠋ᠴᠢᠷ ᠤᠨ ᠰᠢᠨᠵᠢᠯᠡᠭᠡᠨ ᠤᠨᠡᠶᠢᠭᠡᠮᠯᠢᠭ ᠤᠨ ᠴᠢᠬᠤᠯᠠ ᠭᠡᠰᠢᠭᠦᠳ᠂ ᠦᠪᠡᠷᠲᠡᠭᠡᠨ ᠵᠠᠰᠠᠬᠤ ᠤᠷᠤᠨ ᠤ | ᠤᠳᠬ᠎ᠠ ᠤᠷᠠᠯᠢᠭ ᠤᠨ ᠬᠢᠨ ᠤ ᠬᠤᠯᠪᠤᠭ᠎ᠠ᠂ᠦᠪᠡᠷᠲᠡᠭᠡᠨ ᠵᠠᠰᠬᠠᠤ ᠤᠷᠤᠨ ᠤ ᠤᠷᠠᠯᠢᠭ ᠰᠤᠳᠤᠯᠤᠯ ᠤᠨ | ᠬᠦᠷᠢᠶᠡᠯᠡᠩ ᠪᠤᠯᠤᠨ ᠪᠦᠬᠦ ᠤᠷᠤᠨ ᠤ ᠡᠯ᠎ᠡ ᠠᠶᠢᠮᠠᠭ ᠬᠤᠲᠠ ᠵᠢᠨᠤᠯᠠᠭᠠᠨᠮᠦ᠋ᠴᠢᠷ ᠤᠨ ᠭᠡᠰᠢᠭᠦᠳ ᠵᠢᠴᠢ | ᠱᠠᠩᠨᠠᠯ ᠤᠯᠤᠭᠰᠠᠨ ᠦᠭᠦᠯᠡᠯ ᠤᠨ ᠵᠤᠬᠢᠶᠠᠭᠴᠢ ᠨᠠᠷ ᠠᠴᠠ ᠤᠯᠠᠭᠠᠨᠮᠦ᠋ᠴᠢᠷ ᠤᠨᠬᠦ᠋ᠭᠵᠢᠯᠲᠡ ᠶᠢᠨ ᠲᠤᠬᠠᠢ | ᠰᠢᠨ᠎ᠡ ᠲᠠᠨᠢᠯᠲᠠ ᠪᠤᠯᠤᠨ ᠰᠤᠳᠤᠯᠭᠠᠨ ᠤ ᠠᠮᠵᠢᠯᠲᠠ ᠪᠦᠲᠦᠬᠡᠯ ᠢᠶᠠᠨ ᠰᠤᠯᠢᠯᠴᠠᠵᠤ᠂ | ᠤᠯᠠᠭᠠᠨᠮᠦ᠋ᠴᠢᠷ ᠤᠨ ᠦᠢᠯᠡᠰ ᠢ ᠬᠦᠭᠵᠢᠭᠦᠯᠬᠦ ᠲᠤᠬᠠᠢ ᠰᠠᠨᠠᠯ ᠵᠦᠪᠯᠡᠯᠭᠡ ᠪᠠᠨ ᠳᠡᠪᠰᠢᠭᠦᠯᠦᠭᠰᠡᠨ ᠪᠠᠶᠢᠨ᠎ᠠ᠃ | |