25 ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠶ ᠬᠤᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠥᠬᠡ | ᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠬᠠᠮᠤᠭ ᠬᠤᠷᠳᠤᠨ ᠳᠠᠭᠠᠨ 2 ᠴᠠᠭ 18 ᠮᠢᠨᠦ᠋ᠲ | ᠪᠤᠯᠤᠨ᠎ᠠ ᠭᠡᠵᠦ ᠲᠠᠨᠢᠯᠴᠠᠭᠤᠯᠵᠠᠢ᠃ ᠳ᠋ᠠᠶ ᠬᠤᠩ ᠲᠠᠨᠢᠯᠴᠠᠭᠤᠯᠬᠤ ᠳᠠᠭᠠᠨ᠂ ᠬᠥᠬᠡ ᠬᠤᠲᠠ ᠠᠴᠠ ᠪᠡᠭᠡᠵᠢᠩ ᠬᠦᠷᠬᠦ | ᠳᠡᠭᠡᠳᠦ ᠬᠤᠷᠳᠤᠴᠠᠲᠤ ᠲᠡᠮᠦᠷ ᠵᠠᠮ ᠨᠢ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ᠂ ᠴᠢᠭᠤᠯᠤᠯᠲᠤ | ᠬᠠᠭᠠᠯᠭ᠎ᠠ ᠠᠴᠠ ᠬᠥᠬᠡᠬᠤᠲᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢᠶᠠᠷ ᠪᠦᠷᠢᠯᠳᠦᠵᠦ᠂ ᠲᠡᠷᠭᠡ | ᠨᠡᠪᠲᠡᠷᠡᠭᠰᠡᠨ ᠤ ᠳᠠᠷᠠᠭ᠎ᠠ 20 ᠬᠤᠤᠰ ᠣᠷᠴᠢᠮ ᠳᠡᠭᠡᠳᠦ ᠬᠤᠷᠳᠤᠴᠠᠲᠤ ᠭᠠᠯᠲᠤ ᠲᠡᠷᠭᠡ ᠶᠢ ᠨᠡᠪᠲᠡᠷᠡᠭᠦᠯᠬᠦ ᠪᠠᠷ ᠪᠣᠶ᠃ | ᠬᠥᠬᠡᠬᠤᠲᠠ᠂ ᠪᠤᠭᠤᠲᠤ᠂ ᠤᠯᠠᠭᠠᠨᠴᠠᠪ ᠴᠥᠮ ᠪᠡᠭᠡᠵᠢᠩ ᠳᠤ ᠣᠷᠣᠬᠤ ᠳᠡᠭᠡᠳᠦ ᠬᠤᠷᠳᠤᠴᠠᠲᠤ ᠲᠡᠮᠦᠷ ᠵᠠᠮ ᠤᠨ | ᠴᠤᠪᠤᠭ᠎ᠠ ᠲᠡᠷᠭᠡ ᠲᠠᠢ ᠪᠠᠶᠢᠵᠤ᠂ ᠬᠥᠬᠡ ᠬᠤᠲᠠ ᠠᠴᠠ ᠪᠡᠭᠡᠵᠢᠩ ᠳᠤ ᠣᠷᠣᠬᠤ ᠴᠠᠭ ᠨᠢ ᠣᠳᠣᠬᠠᠨ ᠤ ᠬᠠᠮᠤᠭ ᠤᠨ | ᠬᠤᠷᠳᠤᠨ ᠨᠢ 9 ᠴᠠᠭ ᠭᠠᠷᠤᠶ ᠪᠠᠶᠢᠭᠰᠠᠨ ᠠᠴᠠ ᠪᠠᠨ 3 ᠴᠠᠭ ᠤᠨ ᠳᠣᠲᠣᠷ᠎ᠠ ᠪᠠᠭᠠᠰᠴᠤ᠂ ᠬᠠᠮᠤᠭ ᠤᠨ | ᠬᠤᠷᠳᠤᠨ ᠳᠠᠭᠠᠨ 2 ᠴᠠᠭ 18 ᠮᠢᠨᠦ᠋ᠲ ᠲᠤ ᠪᠡᠭᠡᠵᠢᠩ ᠤᠨ ᠬᠤᠶᠢᠲᠤ ᠥᠷᠲᠡᠭᠡ ᠳᠤ ᠬᠦᠷᠦᠨ᠎ᠡ᠃ | ᠴᠢᠭᠤᠯᠤᠯᠲᠤ ᠬᠠᠭᠠᠯᠭ᠎ᠠ ᠠᠴᠠ ᠬᠦᠬᠡᠬᠤᠳᠡ ᠬᠦᠷᠬᠦ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ | ᠳᠡᠭᠡᠳᠦ ᠬᠤᠷᠳᠤᠴᠠᠳᠦ ᠲᠡᠮᠦᠷ ᠵᠠᠮ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠨᠢᠭᠡᠳᠦᠯᠲᠡᠶ ᠲᠣᠬᠢᠷᠠᠭᠤᠯᠤᠯᠲᠠ | ᠶᠣᠰᠣᠭᠠᠷ ᠠᠰᠢᠭᠯᠠᠯᠲᠠ ᠳᠤ ᠣᠷᠣᠬᠤ ᠪᠣᠯᠤᠨ᠎ᠠ᠃ ᠲᠥᠯᠥᠪᠯᠡᠭᠡ ᠶᠣᠰᠣᠭᠠᠷ᠂ ᠲᠤᠰ ᠳᠡᠭᠡᠳᠦ ᠬᠤᠷᠳᠤᠴᠠᠳᠦ ᠲᠡᠮᠦᠷ | ᠵᠠᠮ 12 ᠰᠠᠷ᠎ᠠ ᠶᠢᠨ ᠰᠡᠭᠦᠯᠴᠢ ᠪᠠᠷ ᠵᠡᠷᠭᠡᠪᠡᠷ ᠨᠡᠪᠲᠡᠷᠡᠨ᠎ᠡ᠃ | ᠣᠶᠢᠯᠠᠭᠠᠭᠰᠠᠨ ᠢᠶᠠᠷ᠂ ᠴᠢᠭᠤᠯᠤᠯᠲᠤ ᠬᠠᠭᠠᠯᠭ᠎ᠠ ᠠᠴᠠ ᠬᠦᠬᠡᠬᠤᠳᠡ ᠬᠦᠷᠬᠦ ᠲᠦᠷᠭᠡᠨ ᠤ ᠲᠡᠮᠦᠷ ᠵᠠᠮ ᠤᠨ | ᠤᠯᠠᠭᠠᠨᠴᠠᠪ ᠠᠴᠠ ᠬᠥᠬᠡᠬᠤᠲᠠ ᠬᠦᠷᠬᠦ ᠬᠡᠰᠡᠭ ᠨᠢ 2017 ᠤᠨ 8 ᠰᠠᠷ᠎ᠠ ᠳᠤ ᠠᠰᠢᠭᠯᠠᠯᠲᠠ ᠳᠤ ᠣᠷᠣᠪᠠ᠃ ᠡᠨᠡ | ᠵᠢᠯ ᠤᠨ 6 ᠰᠠᠷ᠎ᠠ ᠠᠴᠠ ᠨᠠᠰᠢ᠂ ᠴᠢᠭᠤᠯᠤᠯᠲᠤ ᠬᠠᠭᠠᠯᠭ᠎ᠠ ᠠᠴᠠ ᠬᠦᠬᠡᠬᠤᠳᠡ ᠬᠦᠷᠬᠦ ᠲᠦᠷᠭᠡᠨ ᠤ ᠲᠡᠮᠦᠷ ᠵᠠᠮ ᠤᠨ | ᠬᠤᠸᠠᠢ ᠠᠨ ᠠᠴᠠ ᠤᠯᠠᠭᠠᠨᠴᠠᠪ ᠬᠦᠷᠬᠦ ᠬᠡᠰᠡᠭ ᠤᠨ ᠬᠤᠯᠪᠣᠭᠠᠯᠠᠨ ᠲᠤᠷᠰᠢᠬᠤ ᠪᠠ ᠲᠤᠷᠰᠢᠨ ᠠᠵᠢᠯᠯᠠᠭᠤᠯᠬᠤ ᠵᠡᠷᠭᠡ | ᠬᠤᠯᠪᠣᠭᠳᠠᠯ ᠪᠦᠬᠦᠢ ᠠᠵᠢᠯ ᠢ ᠨᠢᠭᠡᠨᠲᠡ ᠳᠠᠭᠤᠰᠬᠠᠪᠠ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤ ᠢᠨᠵᠧᠨᠧᠷᠢᠩ ᠪᠣᠯᠤᠭᠰᠠᠨ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠲᠤ | ᠲᠡᠮᠦᠷ ᠵᠠᠮ 10 ᠰᠠᠷ᠎ᠠ ᠶᠢᠨ 5 ᠤ ᠡᠳᠦᠷ ᠠᠴᠠ ᠡᠬᠢᠯᠡᠨ ᠲᠤᠷᠰᠢᠵᠤ᠂ ᠪᠡᠭᠡᠵᠢᠩ ᠠᠴᠠ ᠴᠢᠭᠤᠯᠤᠯᠲᠤ ᠬᠠᠭᠠᠯᠭ᠎ᠠ | ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠬᠤᠯᠪᠣᠭᠠᠯᠠᠨ ᠲᠤᠷᠰᠢᠬᠤ ᠠᠵᠢᠯ ᠤᠷᠤᠭᠰᠢᠲᠠᠶ ᠶᠠᠪᠤᠭᠳᠠᠵᠤ᠂ ᠲᠡᠮᠦᠷ | ᠵᠠᠮ ᠤᠨ ᠰᠠᠯᠠᠭ᠎ᠠ ᠮᠥᠴᠢᠷ ᠤᠨ ᠳᠡᠭᠡᠳᠦ ᠬᠤᠷᠳᠤᠴᠠᠲᠤ ᠲᠡᠮᠦᠷ ᠵᠠᠮ ᠢ ᠨᠡᠪᠲᠡᠷᠡᠭᠦᠯᠦᠨ ᠡᠵᠡᠩᠨᠡᠬᠦ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠪᠴᠢᠯᠡᠨ ᠠᠬᠢᠭᠤᠯᠬᠤ ᠪᠣᠯᠤᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠦᠯᠦᠪᠵᠢᠬᠦᠯᠭᠡ ᠪᠣᠯᠤᠨ ᠤᠯᠤᠰ ᠤᠨ ᠤᠷᠲᠤ ᠬᠤᠭᠤᠴᠠᠭᠠᠨ ᠤ ᠲᠡᠮᠦᠷ ᠵᠠᠮ ᠤᠨ ᠲᠣᠤᠷ ᠤᠨ ᠲᠥᠯᠥᠪᠵᠢᠭᠦᠯᠪᠡ | ᠶᠣᠰᠣᠭᠠᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠲᠦ ᠺᠣᠮᠫᠠᠨᠢ | ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠲᠤᠷᠠᠨ ᠪᠤᠭᠤᠲᠤ ᠠᠴᠠ ᠢᠷᠭᠠᠶ ᠬᠦᠷᠬᠦ | ᠳᠡᠭᠡᠳᠦ ᠬᠤᠷᠳᠤᠴᠠᠲᠤ ᠲᠡᠮᠦᠷ ᠵᠠᠮ ᠤᠨ ᠪᠤᠭᠤᠲᠤ ᠠᠴᠠ ᠬᠦᠢ ᠨᠦᠡᠭ ᠳ᠋ᠤᠸᠠᠨ ᠬᠦᠷᠬᠦ ᠬᠡᠰᠡᠭ᠂ ᠵᠢᠨᠢᠩ ᠠᠴᠠ | ᠳ᠋ᠠᠲ᠋ᠤᠩ᠂ ᠶᠤᠸᠠᠨ ᠫᠢᠡᠭ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂ ᠪᠤᠭᠤᠲᠤ ᠠᠴᠠ ᠰᠢ ᠠᠨ ᠬᠦᠷᠬᠦ ᠳᠡᠭᠡᠳᠦ | ᠬᠤᠷᠳᠤᠴᠠᠲᠤ ᠲᠡᠮᠦᠷ ᠵᠠᠮ ᠤᠨ ᠣᠷᠳᠣᠰ ᠠᠴᠠ ᠢᠦᠢ ᠯᠢᠨ ᠬᠦᠷᠬᠦ ᠬᠡᠰᠡᠭ ᠤᠨ 3 ᠭᠤᠤᠯᠳᠠᠯᠭ᠎ᠠ ᠲᠠᠢ ᠲᠥᠷᠥᠯ | ᠵᠦᠶ᠋ᠯ ᠤᠨ ᠡᠮᠦᠨᠡᠬᠢ ᠬᠤᠭᠤᠴᠠᠭᠠᠨ ᠤ ᠠᠵᠢᠯ ᠢ ᠶᠠᠭ ᠢᠳᠡᠪᠬᠢᠲᠡᠢ ᠠᠬᠢᠭᠤᠯᠵᠤ ᠪᠠᠶᠢᠨ᠎ᠠ᠃ | ᠪᠡᠯᠡᠳᠬᠡᠭᠰᠡᠨ ᠨᠢ᠄ ᠳᠠᠪᠠᠯᠭᠠᠨ |