2019 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019-05-16
— 2019 ᠣᠨ ᠤ 3 ᠰᠠᠷ᠎ᠠ ᠶᠢᠨ 7 ᠤ ᠡᠲᠦᠷ  ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ                                                          ᠬᠤᠰᠢᠭᠤᠨ ᠳᠠᠷᠤᠭ᠎ᠠ᠄ ᠯᠢᠦ ᠹᠧᠢ ᠮᠢᠩᠲᠦᠯᠦᠭᠡᠯᠡᠭᠴᠢᠳ ᠡ᠄     ᠣᠳᠤ ᠪᠢ  ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠢ ᠲᠦᠯᠦᠭᠡᠯᠡᠵᠤ  ᠠᠵᠢᠯ ᠤᠨ ᠢᠯᠡᠳᠬᠡᠯ ᠬᠢᠶ᠎ᠠ᠂ ᠲᠦᠯᠦᠭᠡᠯᠡᠭᠴᠢᠳ ᠬᠢᠨᠠᠨ ᠵᠦᠪᠯᠡᠬᠦ ᠪᠤᠯᠪᠠᠤ᠂ ᠬᠤᠰᠢᠭᠤᠨ ᠤ ᠤᠯᠣᠰ ᠲᠦᠷᠤ ᠶᠢᠨ ᠵᠦᠪᠯᠡᠯᠭᠡᠨ ᠤ ᠡᠯ᠎ᠡ ᠬᠡᠰᠢᠭᠦᠨ ᠪᠠ ᠰᠤᠯᠠ ᠣᠷᠤᠯᠴᠠᠭᠰᠠᠨ ᠬᠡᠰᠢᠭᠦᠨ ᠰᠠᠨᠠᠯ ᠢᠶᠠᠨ ᠳᠤᠷᠠᠳᠬᠤ ᠪᠤᠯᠪᠠᠤ᠃ᠨᠢᠭᠡ᠂ 2018 ᠣᠨ ᠤ ᠠᠵᠢᠯ ᠤᠨ ᠡᠷᠬᠢᠴᠡᠭᠦᠯᠦᠯ     2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠤᠭᠰᠠᠨ ᠠᠩᠬᠠᠨ ᠤ ᠣᠨ ᠮᠦᠨᠴᠦ ᠥᠭᠡᠷᠡᠴᠢᠯᠡᠯᠲᠡ ᠨᠡᠭᠡᠭᠡᠯᠲᠠ ᠶᠢᠨ40 ᠵᠢᠯ ᠤᠨ ᠤᠢ ᠪᠤᠯᠤᠨ᠎ᠠ᠃ ᠨᠢᠭᠡ ᠵᠢᠯ ᠤᠨ ᠲᠤᠷᠰᠢ᠂ ᠪᠦᠬᠦ  ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠰᠢ ᠶᠢᠨ ᠫᠢᠩ ᠶᠡᠷᠥᠩᠬᠢ ᠱᠦᠵᠢ ᠠᠴᠠ ᠦᠪᠦᠷ ᠮᠣᠩᠭᠤᠯ ᠳᠤ  ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠤᠨ ᠪᠠ ᠬᠤᠰᠢᠭᠤᠨ ᠤ  ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠤᠤᠷ᠎ᠠ  ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠲᠡ ᠳᠣᠣᠷ᠎ᠠ᠂ ᠳᠣᠭᠲᠠᠭᠤᠨ ᠤ ᠳᠤᠮᠲᠠ ᠳᠠᠪᠰᠢᠬᠤ  ᠠᠵᠢᠯ ᠤᠨ  ᠶᠡᠷᠦᠩᠬᠡᠢ ᠠᠶᠢᠵᠠᠮ ᠢ ᠪᠠᠲᠤ ᠠᠳᠬᠤᠵᠤ᠂ ᠭᠤᠷᠪᠠᠨ ᠶᠡᠭᠡ  ᠰᠢᠪᠲᠤᠯᠦᠯᠲᠠ ᠶᠢᠨ ᠲᠠᠶᠢᠯᠡᠯᠲᠤᠭᠠᠨ ᠢ  ᠰᠠᠶᠢᠨ ᠬᠢᠵᠦ᠂ ᠥᠭᠡᠷᠡᠴᠢᠯᠡᠯᠲᠡ ᠶᠢ  ᠠᠬᠢᠭᠤᠯᠤᠨ᠂ ᠪᠦᠲᠦᠴᠡ ᠶᠢ ᠲᠣᠬᠢᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠠᠶᠤᠯ ᠳᠦᠭᠰᠢᠭᠦᠷᠢ ᠶᠢ ᠰᠡᠷᠬᠡᠶᠢᠯᠡᠬᠦ ᠵᠡᠷᠭᠡ ᠠᠵᠢᠯ ᠢ  ᠪᠦᠬᠦ ᠲᠠᠯ᠎ᠠ ᠪᠠᠷ ᠰᠠᠶᠢᠳᠤᠷ ᠬᠢᠵᠤ᠂ ᠠᠵᠤ ᠠᠬᠤᠢ ᠶᠢ ᠦᠷᠬᠦᠯᠵᠢᠯᠡᠨ ᠳᠣᠭᠳᠠᠭᠤᠨ ᠢᠶᠠᠷ  ᠬᠥᠭᠵᠢᠭᠦᠯᠵᠦ ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠤᠨ ᠤ ᠠᠵᠢᠯ ᠳᠤ ᠰᠠᠶᠢᠨ ᠡᠬᠢᠯᠡᠯᠲᠠ ᠶᠢ ᠨᠡᠭᠡᠭᠡᠪᠡ  ᠃ ᠪᠦᠬᠦ ᠵᠢᠯ ᠤᠨ ᠦᠢᠯᠡᠳᠪᠦᠷᠢᠯᠡᠯ ᠤᠨ ᠶᠡᠷᠥᠩᠬᠢ ᠦᠷᠲᠡᠭ ᠨᠢ 74.87 ᠳ᠋ᠦᠩᠰᠢᠭᠤᠷ ᠲᠦᠭᠦᠷᠢᠭ᠂ 6.9 %  ᠪᠠᠷ ᠨᠡᠮᠡᠭᠳᠡᠪᠡ  ᠂  ᠲᠤᠭᠲᠠᠮᠠᠯ ᠬᠦᠷᠦᠩᠭᠡ ᠶᠢᠨ ᠪᠡᠯᠡ ᠤᠷᠤᠭᠤᠯᠦᠯᠲᠠ 45.7 ᠳ᠋ᠦᠩᠰᠢᠭᠤᠷ ᠲᠦᠬᠦᠷᠢᠭ  ᠢ ᠪᠡᠶᠡᠯᠡᠬᠦᠯᠵᠦ᠂14.4% ᠢᠶᠠᠷ ᠨᠡᠮᠡᠭᠳᠡᠵᠦ᠂ ᠡᠩ ᠤᠨ ᠤᠯᠡᠨ  ᠨᠠᠶᠢᠲᠡ ᠶᠢᠨ ᠳᠦᠰᠦᠪ ᠤᠨ ᠣᠷᠣᠯᠭ᠎ᠠ 4.14 ᠳ᠋ᠦᠩᠰᠢᠭᠤᠷ ᠲᠦᠬᠦᠷᠢᠭ  ᠢ ᠪᠡᠶᠡᠯᠡᠬᠦᠯᠵᠤ᠂ 37.5 % ᠢᠶᠠᠷ  ᠨᠡᠮᠡᠭᠳᠡᠪᠡ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠬᠦ ᠬᠤᠷᠳᠣᠴᠠ ᠨᠢ 14.1%  ᠂ ᠨᠠᠶᠢᠭᠡᠮ ᠤᠨ ᠬᠡᠷᠡᠭᠯᠡᠯᠭᠡᠨ ᠤ ᠰᠤᠯᠠ ᠪᠤᠷᠤᠯᠠᠭᠤᠯᠦᠭ᠌ᠰᠠᠨ ᠶᠡᠷᠥᠩᠬᠢ ᠲᠤᠭ᠎ᠠ ᠨᠢ 19.03  ᠳ᠋ᠦᠩᠰᠢᠭᠤᠷ ᠲᠦᠬᠦᠷᠢᠭ  ᠢ ᠪᠡᠶᠡᠯᠡᠬᠦᠯᠵᠤ᠂ 7.4%  ᠢᠶᠠᠷ  ᠨᠡᠮᠡᠭᠳᠡᠪᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠠᠬᠤ ᠣᠷᠤᠯᠭ᠎ᠠ ᠨᠢ ᠲᠤᠰ ᠪᠦᠷᠢ 29435 ᠲᠦᠬᠦᠷᠢᠭ ᠪᠠ 11190 ᠲᠦᠬᠦᠷᠢᠭ᠂ ᠲᠤᠰᠪᠦᠷᠢ 7.5 % ᠪᠠ 9.3 % ᠪᠠᠷ ᠨᠡᠮᠡᠭᠳᠡᠵᠦ᠂ ᠠᠵᠤ ᠠᠬᠤᠢ ᠶᠢᠨ ᠭᠤᠣᠯ  ᠬᠦᠢᠴᠡᠳᠬᠡᠬᠦ ᠲᠤᠭ᠎ᠠ ᠨᠤᠷᠮ᠎ᠠ ᠨᠢ ᠪᠦᠬᠦ ᠬᠤᠲᠠ ᠶᠢᠨ ᠡᠮᠦᠨᠡᠬᠦᠷ ᠪᠠᠶᠢᠷᠢᠯᠡᠪᠠ᠃     ᠨᠢᠭᠡ ᠵᠢᠯ ᠤᠨ ᠲᠤᠲᠤᠷ᠎ᠠ᠂ ᠪᠢᠳᠡ  ᠬᠦᠴᠦᠨ ᠴᠢᠳᠠᠯ ᠢᠶᠠᠨ ᠨᠠᠶᠢᠯᠡᠬᠦᠯᠵᠤ᠂ ᠬᠦᠴᠢᠷ ᠪᠡᠷᠬᠡᠰᠢᠶᠡᠯ ᠢ ᠰᠢᠪᠳᠤᠯᠤᠨ  ᠲᠠᠶᠢᠪᠠᠶᠢᠵᠤ᠂ ᠭᠤᠷᠪᠠᠨ ᠶᠡᠭᠡ ᠰᠢᠪᠳᠤᠯᠦᠯᠲᠠ ᠶᠢᠨ ᠳᠠᠶᠢᠯᠡᠯᠲᠠᠭᠠᠨ ᠤ ᠡᠬᠢᠨ ᠤ  ᠲᠡᠮᠡᠴᠡᠭᠡᠨ ᠳᠤ ᠢᠯᠡᠯᠲᠠ ᠣᠯᠪᠠ᠃     ᠲᠤᠮᠤ ᠶᠡᠭᠡ ᠠᠶᠤᠯ ᠳᠦᠭᠰᠢᠬᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠰᠢᠪᠡ  ᠃ ᠭᠠᠵᠠᠷ ᠰᠢᠷᠤᠢ  ᠶᠢ ᠳᠦᠷᠢᠶᠡᠰᠦᠯᠡᠨ ᠥᠭᠬᠦ᠂  ᠬᠠᠳᠠᠭᠠᠯᠠᠵᠤ ᠪᠠᠶᠢᠭ᠎ᠠ ᠡᠳ᠋ ᠬᠦᠷᠥᠩᠭᠡ ᠶᠢ ᠰᠢᠢᠳᠪᠦᠷᠢᠯᠡᠵᠦ᠂ ᠥᠷᠢ ᠥᠭᠴᠡᠭᠡ ᠶᠢ ᠪᠠᠭᠠᠰᠬᠠᠬᠤ ᠵᠡᠷᠭᠡ ᠠᠷᠭ᠎ᠠ ᠪᠠᠷ ᠵᠠᠰᠠᠭ ᠤᠨ ᠣᠷᠳᠤᠨ ᠤ ᠥᠷᠢ ᠥᠭᠴᠡᠭᠡ ᠶᠢ 13.48 ᠳ᠋ᠦᠩᠰᠢᠭᠤᠷ ᠲᠦᠬᠦᠷᠢᠭ  ᠪᠠᠭᠠᠰᠪᠠ᠂ ᠵᠢᠯ ᠤᠨ ᠥᠷᠢ ᠥᠭᠴᠡᠭᠡ ᠶᠢ  ᠰᠢᠢᠳᠪᠤᠷᠢᠯᠡᠬᠦ ᠡᠭᠦᠷᠭᠡ ᠪᠠᠨ ᠳᠠᠪᠠᠭᠤᠯᠦᠨ ᠪᠡᠶᠡᠯᠡᠬᠦᠯᠪᠠ᠃ ᠬᠤᠶᠢᠰᠢᠯᠠᠭᠤᠯᠤᠨ ᠪᠠᠷᠢᠬᠤ᠂ ᠪᠠᠷᠢᠯᠭ᠎ᠠ ᠶᠢ ᠵᠤᠭᠰᠤᠭᠠᠬᠤ ᠵᠡᠷᠭᠡ ᠪᠠᠷ ᠨᠢᠭᠡ ᠪᠦᠯᠦᠭ ᠵᠠᠰᠠᠭ ᠤᠨ ᠣᠷᠳᠤᠨ ᠤ  ᠪᠡᠯᠡ  ᠤᠷᠤᠭᠤᠯᠤᠭᠰᠠᠨ ᠲᠦᠰᠦᠯ ᠵᠦᠢᠯ ᠢ ᠪᠠᠭᠠᠰᠬᠠᠵᠤ᠂ ᠵᠠᠰᠠᠭ ᠤᠨ ᠣᠷᠳᠤᠨ ᠤ ᠰᠢᠨ᠎ᠡ ᠨᠡᠮᠡᠭᠳᠡᠭᠰᠡᠨ ᠥᠷᠢ ᠥᠭᠴᠡᠭᠡ ᠶᠢ ᠪᠦᠲᠦᠮᠵᠢᠲᠡᠢ ᠬᠢᠵᠠᠭᠠᠷᠯᠡᠪᠡ᠃ ᠠᠵᠢᠯᠴᠢ ᠠᠷᠪᠢᠴᠢ ᠶᠢ  ᠴᠢᠬᠤᠯᠠᠴᠢᠯᠠᠵᠤ᠂ ︽ ᠠᠯᠪᠠᠨ ᠤ ᠭᠤᠷᠪᠠᠨ  ᠵᠠᠷᠤᠳᠠᠯ︾ 11% ᠪᠠᠷ ᠳᠤᠷᠤᠭᠰᠢᠯᠡᠪᠠ᠃ ᠬᠠᠤᠯᠢ ᠪᠤᠰᠤ  ᠪᠠᠷ ᠪᠡᠯᠡ ᠴᠤᠭᠯᠠᠭᠤᠯᠬᠤ ᠵᠡᠷᠭᠡ ᠮᠦᠩᠬᠦᠨ ᠬᠦᠢᠯᠬᠡᠬᠡᠨ ᠤ  ᠬᠠᠤᠯᠢ ᠪᠤᠰᠣ ᠠᠵᠢᠯᠯᠠᠭ᠎ᠠ  ᠳᠤ ᠴᠢᠩᠭ᠎ᠠ ᠴᠣᠬᠢᠯᠲᠠ ᠥᠭᠴᠦ᠂ ᠪᠦᠬᠦ ᠵᠢᠯ ᠳᠡᠭᠡᠨ 2.8 ᠳ᠋ᠦᠩᠰᠢᠭᠤᠷ ᠲᠦᠬᠦᠷᠢᠭ ᠤᠨ  ᠬᠠᠤᠯᠢ ᠪᠤᠰᠤ ᠵᠢᠭᠡᠯᠡᠯᠭᠡ ᠶᠢ ᠬᠤᠷᠢᠶᠠᠨ ᠰᠢᠢᠳᠪᠦᠷᠢᠯᠡᠵᠦ᠂ ᠵᠠᠰᠠᠭ ᠤᠨ ᠣᠷᠳᠤᠨ ᠤ ᠥᠷᠢ ᠥᠭᠴᠡᠭᠡ  ᠪᠤᠯᠤᠨ ᠮᠦᠩᠬᠦᠨ ᠬᠦᠢᠯᠭᠡᠭᠡᠨ ᠤ  ᠠᠶᠤᠯ ᠲᠦᠭᠰᠢᠭᠦᠷᠢ ᠶᠢ ᠳᠤᠭᠳᠠᠭᠤᠨ ᠳᠤᠬᠢᠷᠠᠭᠤᠯᠵᠤ  ᠴᠢᠳᠠᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠡᠯᠲᠤᠭᠠᠨ ᠮᠡᠳᠡᠭᠳᠡᠮ᠎ᠡ ᠠᠮᠵᠢᠯᠲᠠ ᠣᠯᠪᠠ᠃ ᠶᠠᠳᠠᠭᠤ ᠶᠢ ᠳᠡᠳᠬᠦᠬᠦ ᠪᠡᠯᠡ‌ᠮᠦ᠋ᠩᠭᠦ 3.8 ᠳ᠋ᠦᠩᠰᠢᠭᠤᠷ ᠲᠦᠬᠦᠷᠢᠭ ᠣᠷᠤᠭᠤᠯᠦᠨ᠂ 5209 ᠶᠠᠳᠠᠭᠤᠴᠤᠤᠨ ᠶᠠᠳᠠᠭᠤ ᠠᠴᠠ ᠠᠩᠬᠢᠵᠢᠷᠠᠵᠤ᠂44 ᠶᠠᠳᠠᠭᠤ ᠲᠤᠰᠬᠤᠨ ᠶᠠᠳᠠᠭᠤ ᠠᠴᠠ ᠠᠩᠭᠢᠵᠢᠷᠠᠨ᠂  ᠶᠠᠳᠠᠭᠤᠷᠠᠬᠤ ᠨᠣᠷᠮ᠎ᠠ 1.47% ᠪᠠᠷ ᠳᠣᠷᠣᠭᠰᠢᠯᠡᠪᠠ᠃ ᠶᠠᠳᠠᠭᠤ ᠠᠴᠠ  ᠠᠩᠭᠢᠵᠢᠷᠠᠬᠤ ᠦᠢᠯᠡᠳᠪᠦᠷᠢ ᠶᠢᠨ ᠳᠠᠰᠤᠭ ᠢ ᠪᠠᠶᠢᠭᠤᠯᠵᠤ᠂ ᠶᠠᠳᠠᠭᠤ ᠶᠢ ᠳᠡᠳᠬᠦᠬᠦ ᠴᠠᠬᠢᠯᠭᠠᠨ ᠦᠷᠲᠡᠭᠡ ᠶᠢ ᠪᠠᠶᠢᠭᠤᠯᠦᠨ ᠴᠠᠬᠢᠯᠭᠠᠨ  ᠭᠠᠷᠭᠠᠵᠤ᠂ 48 ᠲᠣᠰᠬᠤᠨ ᠤ ᠲᠡᠰ ᠤᠨ ᠶᠠᠳᠠᠭᠤ ᠶᠢ ᠳᠡᠳᠬᠦᠬᠦ ᠴᠠᠬᠢᠯᠭᠠᠨ ᠥᠷᠲᠡᠭᠡ ᠠᠰᠢᠭᠯᠡᠯᠡᠲᠠ ᠳᠤ ᠣᠷᠴᠦ᠂ ᠠᠵᠤ ᠦᠢᠯᠡᠳᠪᠦᠷᠢ ᠶᠢᠨ ᠶᠠᠳᠠᠭᠤ ᠶᠢ ᠳᠡᠳᠬᠦᠬᠦ ᠦᠢᠯᠡᠰ ᠨᠢ 9350ᠶᠠᠳᠠᠭᠤᠴᠤᠤᠨ ᠳᠤ ᠠᠰᠢᠭ ᠣᠯᠭᠤᠪᠠ᠃ ᠬᠤᠰᠢᠭᠤᠨ ᠤ 58 ᠠᠷᠠᠳ ᠠᠴᠠ ᠡᠷᠬᠢᠯᠡᠭᠰᠡᠨ ᠠᠵᠤ ᠠᠬᠤᠶᠢᠯᠡᠯ ᠢᠳᠡᠪᠬᠢᠲᠠᠢ ᠪᠠᠷ ︽ᠲᠦᠮᠡᠨ ᠺᠤᠮᠫᠠᠨᠢ ᠲᠦᠮᠡᠨ ᠲᠤᠰᠬᠤᠨ ᠢ ᠳᠡᠮᠵᠢᠬᠦ  ︾ ᠬᠦᠳᠡᠯᠭᠡᠭᠡᠨ ᠳᠤ ᠣᠷᠣᠯᠴᠠᠵᠤ᠂118  ᠲᠤᠰᠬᠤᠨ ᠤ  ᠨᠠᠶᠢᠲᠡ ᠶᠢᠨ ᠠᠵᠤ ᠠᠬᠤᠢ ᠶᠢᠨ ᠣᠷᠣᠯᠭ᠎ᠠ ᠶᠢ 5 ᠲᠦᠮᠡᠨ ᠠᠴᠠ ᠳᠡᠭᠡᠭᠰᠢ ᠪᠤᠯᠭᠠᠪᠠ᠃  ᠪᠤᠰᠤᠳ ᠭᠠᠵᠠᠷ ᠨᠡᠭᠦᠯᠭᠡᠨ ᠶᠠᠳᠠᠭᠤ ᠶᠢ ᠳᠡᠳᠬᠦᠬᠦ  578 ᠪᠠᠶᠢᠰᠢᠩ ᠪᠠᠶᠢᠭᠤᠯᠵᠤ᠂ ᠬᠦᠳᠡᠭᠡ ᠲᠤᠰᠬᠤᠨ ᠤ  2960 ᠨᠤᠷᠠᠬᠤ ᠠᠶᠤᠯᠲᠠᠢ ᠭᠡᠷ ᠪᠠᠶᠢᠰᠢᠩ  ᠢ ᠥᠭᠡᠷᠡᠴᠢᠯᠡᠨ ᠰᠠᠶᠢᠵᠢᠷᠠᠭᠤᠯᠵᠤ᠂  ᠰᠢᠨ᠎ᠡ ᠪᠠᠷ ᠦᠭᠡᠷᠡᠴᠢᠯᠡᠨ ᠰᠠᠶᠢᠵᠢᠷᠠᠭᠤᠯᠤᠭᠰᠠᠨ ᠬᠦᠳᠡᠭᠡ ᠲᠤᠰᠬᠤᠨ ᠤ ᠤᠤᠭᠤᠬᠤ ᠤᠰᠤᠨ ᠤ  ᠠᠮᠤᠷ ᠲᠦᠪᠰᠢᠨ ᠤ ᠢᠨᠵᠧᠨᠧᠷᠢᠩ100 ᠬᠦᠷᠴᠦ  ᠂55 ᠶᠠᠳᠠᠭᠤ  ᠬᠦᠴᠢᠷᠳᠡᠯᠲᠠᠢ ᠬᠦᠳᠡᠭᠡ ᠲᠤᠰᠬᠤᠨ ᠤ ᠰᠠᠭᠤᠷᠢ ᠳᠦᠬᠦᠭᠡᠷᠦᠮᠵᠢ ᠶᠢᠨ ᠢᠨᠵᠧᠨᠧᠷᠢᠩ ᠢ ᠯᠠᠪᠳᠠᠭᠤᠨ‌ᠠᠬᠢᠭᠤᠯᠵᠤ᠂ ᠶᠠᠳᠠᠭᠤ ᠬᠦᠴᠢᠷᠳᠠᠯᠳᠠᠢ ᠬᠦᠮᠤᠰ ᠤᠨ ᠦᠢᠯᠡᠳᠪᠦᠷᠢ ᠠᠮᠢᠳᠣᠷᠠᠯ ᠤᠨ ᠨᠥᠬᠦᠴᠡᠯ ᠨᠢ ᠳᠠᠰᠣᠷᠠᠯᠲᠠ ᠦᠭᠡᠢ ᠰᠠᠶᠢᠵᠢᠷᠠᠪᠠ᠃ ᠡᠷᠡᠬᠦᠯ ᠴᠢᠬᠢᠷᠠᠭ  ᠢᠶᠠᠷ ᠶᠠᠳᠠᠭᠤ ᠶᠢ ᠳᠡᠳᠬᠦᠬᠦ ᠲᠥᠷᠦ ᠶᠢᠨ ᠪᠣᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠵᠤ᠂ ᠶᠠᠳᠠᠭᠤ  ᠡᠷᠦᠬᠡ ᠶᠢᠨ ᠬᠦᠨᠲᠦ ᠡᠪᠡᠳᠴᠢᠨ ᠪᠠ ᠠᠷᠬᠠᠭ  ᠡᠪᠡᠳᠴᠢᠨ ᠤ ᠡᠮ ᠡᠮᠨᠡᠯᠭᠡ ᠶᠢᠨ ᠳᠠᠩᠰᠠ ᠴᠠᠶᠢᠷᠠᠭᠤᠯᠬᠤ ᠬᠠᠷᠢᠴᠠᠯ  ᠨᠢ ᠲᠤᠰᠪᠦᠷᠢ 90% ᠬᠦᠷᠪᠡ᠃1996 ᠶᠠᠳᠠᠭᠤ ᠬᠦᠴᠢᠷᠳᠡᠯᠲᠠᠢ ᠠᠶᠢᠯ ᠤᠨ ᠰᠤᠷᠭᠠᠭᠤᠯᠢ ᠳᠤ ᠰᠠᠭᠤᠭ᠎ᠠ ᠰᠤᠷᠤᠭᠴᠢ ᠰᠤᠷᠭᠠᠨ ᠬᠦᠮᠦᠵᠢᠯ ᠤᠨ ᠳᠤᠰᠠᠯᠠᠮᠵᠢ ᠣᠯᠪᠠ᠃ ᠨᠥᠬᠦᠴᠠᠯ ᠳᠤ ᠨᠡᠶᠢᠴᠡᠬᠦ  ᠶᠠᠳᠠᠭᠤ ᠬᠦᠴᠢᠷᠳᠡᠯᠲᠠᠢ ᠬᠦᠮᠦᠨ ᠪᠦᠬᠦᠨ ᠢ  ᠬᠦᠳᠡᠭᠡ ᠲᠤᠰᠬᠤᠨ ᠤ ᠳᠣᠣᠷ᠎ᠠ ᠪᠠᠲᠤᠯᠠᠭᠠᠲᠤ ᠡᠳᠠᠭᠡᠳ ᠤᠨ ᠬᠡᠪᠴᠢᠶ᠎ᠡ ᠳᠤ  ᠤᠷᠤᠭᠤᠯᠪᠠ᠃  ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠳᠡᠳᠬᠦᠬᠦ  ᠬᠠᠮᠵᠢᠯᠴᠠᠭ᠎ᠠ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠲᠠᠭᠰᠠᠨ ᠴᠡᠭ ᠢ ᠬᠠᠪᠰᠤᠷᠤᠨ ᠲᠡᠳᠬᠦᠬᠦ ᠠᠵᠢᠯ ᠠᠮᠵᠢᠯᠲᠠ ᠳᠣᠪᠤᠶᠢᠮ᠎ᠠ᠃ ᠶᠠᠳᠠᠭᠤ ᠠᠴᠠ ᠠᠩᠬᠢᠵᠢᠷᠠᠬᠤ  ᠠᠵᠢᠯ ᠤᠨ ᠣᠯᠠᠨ ᠤᠳᠠᠭᠠᠨ ᠤ ᠬᠢᠨᠠᠯᠲᠠ ᠳᠤ ᠳᠤᠰᠬᠠᠭᠰᠠᠨ ᠠᠰᠠᠭᠤᠳᠠᠯ ᠨᠢ  ᠪᠦᠲᠦᠮᠵᠢᠲᠠᠢ ᠦᠭᠡᠷᠡᠴᠢᠯᠡᠯ ᠰᠠᠶᠢᠵᠢᠷᠠᠯᠲᠠ ᠲᠠᠢ ᠪᠣᠯᠪᠠ᠃ ᠦᠪᠡᠷᠲᠡᠭᠡᠨ  ᠵᠠᠰᠠᠬᠤ ᠣᠷᠣᠨ ᠤ ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠤᠬᠠᠢ ᠶᠢᠨ ᠭᠠᠵᠠᠷ ᠲᠤ  ᠵᠢᠭᠠᠨ ᠰᠤᠷᠭᠠᠯᠲᠠ ᠬᠢᠨ ᠳᠤᠷᠰᠢᠯᠭ᠎ᠠ ᠰᠣᠯᠢᠯᠴᠠᠬᠤ  ᠬᠢᠴᠢᠶᠡᠯ᠂ ᠳᠤᠮᠲᠠᠲᠦ ᠣᠯᠣᠰ ᠤᠨ ᠨᠠᠶᠢᠭᠡᠮ ᠤᠨ ᠶᠠᠳᠠᠭᠤ ᠶᠢ ᠳᠡᠳᠬᠦᠬᠦ ᠰᠦᠯᠵᠢᠶᠡᠨ ᠤ ᠲᠦᠯᠬᠢᠨ ᠠᠬᠢᠭᠤᠯᠬᠤ ᠬᠤᠷᠠᠯ ᠮᠠᠨ ᠤ ᠬᠤᠰᠢᠭᠤᠨ ᠳᠤ ᠠᠮᠵᠢᠯᠲᠠᠢ ᠬᠤᠷᠠᠯᠳᠤᠪᠠ᠃ ᠣᠷᠴᠢᠨ ᠲᠣᠭᠤᠷᠢᠨ  ᠦᠷᠭᠦᠯᠵᠢᠯᠡᠨ ᠰᠠᠶᠢᠵᠢᠷᠠᠪᠠ᠃ ︽ᠬᠥᠬᠡ ᠲᠠᠯ᠎ᠠ ᠬᠥᠬᠡᠮᠳᠦᠭ ᠤᠰᠣ ᠠᠯᠲᠠ ᠮᠦᠩᠬᠦᠨ ᠠᠴᠠ ᠬᠤᠪᠤᠷ ᠨᠠᠨᠳᠢᠨ︾ ᠬᠡᠰᠡᠨ ᠵᠠᠷᠴᠢᠮ ᠢ ᠪᠠᠷᠢᠮᠳᠠᠯᠠᠨ᠂ ᠨᠠᠷᠢᠨ ᠬᠢᠨᠠᠮᠠᠭᠠᠢ ᠲᠥᠪ ᠤᠨ ᠣᠷᠴᠢᠨ ᠲᠣᠭᠤᠷᠢᠨ ᠤ ᠬᠢᠨᠠᠨ  ᠪᠠᠶᠢᠴᠠᠭᠠᠯᠲᠠ ᠶᠢᠨ ︽ᠡᠷᠭᠢᠨ ᠬᠠᠷᠠᠬᠤ︾  ᠳᠤ ᠳᠤᠰᠬᠠᠭᠰᠠᠨ ᠠᠰᠠᠭᠤᠳᠠᠯ ᠢ ᠥᠬᠡᠷᠡᠴᠢᠯᠡᠨ  ᠰᠠᠶᠢᠵᠢᠷᠠᠭᠤᠯᠬᠤ ᠶᠢ  ᠨᠠᠶᠢᠳᠠᠪᠤᠷᠢᠵᠢᠭᠤᠯᠪᠠ᠃ ᠲᠢᠶᠠᠨ ᠫᠢ ᠱᠠᠨ ᠬᠦᠷᠢᠶᠡᠯᠡᠩ ᠤᠨ ᠺᠣᠮᠫᠠᠨᠢ ᠶᠢᠨ ᠲᠣᠭᠤᠰᠤ  ᠠᠷᠢᠯᠭᠠᠨ ᠪᠠᠶᠢᠭᠠᠯᠢ  ᠣᠷᠴᠢᠨ ᠢ ᠬᠠᠮᠠᠭᠠᠯᠠᠬᠤ ᠳᠦᠬᠦᠭᠡᠷᠦᠮᠵᠢ ᠶᠢᠨ ᠥᠬᠡᠷᠡᠴᠢᠯᠡᠨ ᠰᠠᠶᠢᠵᠢᠷᠠᠭᠤᠯᠦᠯᠲᠠ ᠶᠢ ᠠᠯᠬᠤᠮ ᠳᠠᠷᠠᠭ᠎ᠠ ᠲᠠᠢ ᠠᠬᠢᠭᠤᠯᠵᠤ᠂ ᠰᠢᠯᠢᠳᠡᠭ ᠰᠠᠶᠢᠨ ᠬᠠᠮᠢᠶᠠᠷᠤᠯᠲᠠ ᠶᠢᠨ ᠳᠡᠪᠴᠠᠩ ᠢ ᠬᠡᠷᠡᠭᠯᠡᠯᠲᠡ ᠳᠤ ᠤᠷᠤᠭᠤᠯᠤᠨ᠂ ᠬᠠᠮᠢᠶᠠᠷᠣᠯᠲᠠ ᠶᠢᠨ  ᠲᠦᠪᠰᠢᠨ ᠢ ᠤᠯᠡᠮ ᠨᠢᠭᠡ ᠠᠯᠬᠤᠮ  ᠳᠡᠭᠡᠭᠰᠢᠯᠡᠭᠦᠯᠪᠡ᠂ ᠬᠤᠲᠠ ᠶᠢᠨ ᠲᠣᠭᠤᠷᠢᠭ ᠳᠣᠲᠣᠷᠠᠬᠢ10 ᠳᠤᠨ ᠠᠴᠠ ᠳᠣᠷᠤᠭᠰᠢ ᠨᠡᠬᠦᠷᠡᠰᠦ ᠰᠢᠳᠠᠭᠠᠬᠤ ᠵᠤᠤᠬ᠎ᠠ ᠶᠢ  ᠦᠭᠡᠶᠢᠰᠭᠡᠵᠦ᠂ ᠠᠭᠠᠷ ᠮᠠᠨᠳᠠᠯ ᠶᠡᠷᠥᠩᠬᠢ ᠳᠡᠭᠡᠨ  ᠰᠠᠶᠢᠵᠢᠷᠠᠪᠠ᠃ ᠬᠤᠲᠠ ᠪᠠᠯᠭᠠᠰᠤᠨ ᠤ ᠤᠤᠭᠤᠬᠤ ᠤᠰᠤᠨ ᠤ ᠡᠬᠢ ᠭᠠᠵᠠᠷ ᠲᠤ ᠬᠦᠷᠢᠶ᠎ᠡ ᠬᠠᠰᠢᠶᠠᠯᠠᠵᠤ ᠵᠠᠭᠠᠭ ᠲᠡᠮᠳᠡᠭ  ᠪᠤᠰᠬᠠᠵᠤ᠂  ᠲᠣᠰᠣ ᠨᠡᠮᠡᠬᠦ ᠥᠷᠲᠡᠭᠡᠨ ᠤ ᠭᠠᠵᠠᠷ  ᠲᠤᠤᠷ᠎ᠠ  ᠪᠣᠯᠡᠭ᠌ᠳᠠᠵᠤ ᠪᠠᠶᠢᠭ᠎ᠠ ᠯᠠᠰᠠ ᠶᠢ ︽ ᠨᠢᠭᠡ ᠶᠢ ᠬᠤᠣᠰ︾ ᠪᠣᠯᠭᠠᠬᠤ  ᠠᠵᠢᠯ  ᠤᠨ70%  ᠶᠢ ᠪᠡᠶᠡᠯᠡᠭᠦᠯᠪᠡ᠂ ᠰᠢᠨ᠎ᠡ ᠲᠣᠭᠤᠷᠢᠭ ᠤᠨ ᠪᠣᠬᠢᠷᠳᠤᠯ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠠᠰᠢᠭᠯᠡᠯᠲᠠ ᠳᠤ ᠣᠷᠤᠭᠤᠯᠦᠨ᠎ᠠ᠂ ᠳᠤᠭ ᠤᠨ ᠠᠭᠤᠯᠠ ᠪᠠᠯᠭᠠᠰᠤᠨ ᠤ ᠪᠤᠬᠢᠷᠳᠤᠯ ᠤᠰᠤ ᠶᠢᠨ ᠰᠢᠢᠳᠪᠦᠷᠢᠯᠡᠬᠦ ᠦᠢᠯᠡᠳᠪᠦᠷᠢ ᠶᠢᠨ  ᠰᠢᠢᠳᠪᠦᠷᠢᠯᠡᠭᠰᠡᠨ ᠤᠰᠤ ᠨᠢ ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠦᠷᠴᠦ᠂ ᠤᠰᠤᠨ ᠤ  ᠴᠢᠨᠠᠷ ᠨᠢ ᠦᠷᠬᠦᠯᠵᠢᠯᠡᠨ ᠰᠠᠶᠢᠵᠢᠷᠠᠪᠠ᠃ ᠲᠢᠶᠠᠨ ᠫᠢ ᠱᠠᠨ ᠲᠣᠭᠤᠷᠢᠭ ᠤᠨ ᠰᠢᠨ᠎ᠡ ᠬᠠᠶᠠᠭᠳᠠᠯ ᠰᠢᠷᠣᠢ ᠶᠢᠨ ᠲᠠᠯᠠᠪᠤᠷ ᠤᠨ ᠪᠦᠳᠦᠬᠡᠨ ᠪᠠᠶᠢᠭᠤᠯᠦᠯᠲᠠ ᠨᠢ ᠤᠷᠤᠭᠰᠢᠲᠠᠢ ᠶᠠᠪᠤᠭᠳᠠᠵᠤ᠂ ᠪᠦᠸᠧ ᠷᠦᠨ ᠲᠢᠶᠠᠨ ᠴᠧᠩ᠂ ᠲᠠᠢ  ᠾᠧ  ᠰᠢᠨ ᠬᠤᠶᠠᠷ  ᠺᠤᠮᠫᠡᠨᠢ ᠶᠢᠨ ᠬᠠᠶᠠᠭᠳᠠᠮᠠᠯ ᠰᠢᠷᠤᠢ ᠶᠢᠨ ᠲᠠᠯᠠᠪᠦᠷ ᠢ ᠰᠠᠯᠪᠢᠨ ᠵᠠᠰᠠᠵᠤ ᠪᠠᠷᠠᠪᠠ᠂ ᠠᠵᠦ ᠦᠢᠯᠡᠳᠪᠦᠷᠢ ᠶᠢᠨ ᠬᠠᠶᠠᠭᠳᠠᠮᠠᠯ ᠢ ᠰᠢᠢᠳᠪᠦᠷᠢᠯᠡᠬᠦ ᠴᠢᠳᠠᠪᠦᠷᠢ ᠨᠢ ᠤᠯᠠᠮ ᠨᠢᠭᠡ ᠠᠯᠬᠤᠮ ᠳᠡᠭᠡᠭᠰᠢᠯᠡᠪᠡ᠃ ᠬᠠᠤᠯᠢ ᠪᠤᠰᠤ ᠪᠠᠷ ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ 63  ᠺᠤᠮᠫᠠᠨᠢ  ᠂ ᠰᠢᠷᠤᠢ ᠲᠣᠭᠤᠰᠬ᠎ᠠ  ᠤᠶᠢᠯᠡᠳᠪᠤᠷᠢᠯᠡᠬᠦ  27ᠦᠢᠯᠡᠳᠪᠦᠷᠢ  ᠶᠢ ᠦᠭᠡᠶᠢᠰᠬᠢᠵᠦ᠂  ᠠᠭᠤᠷᠬᠠᠢ ᠶᠢᠨ ᠠᠭᠤᠯᠠ ᠶᠢ 4070 ᠮᠦ ᠵᠠᠰᠠᠵᠤ᠂ ᠤᠯᠤᠰ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠤᠯᠠᠮ ᠪᠠᠬᠢᠵᠢᠪᠡ᠃    ᠨᠢᠭᠡ ᠵᠢᠯ ᠤᠨ ᠲᠣᠲᠤᠷ᠎ᠠ᠂ ᠪᠢᠳᠡ ᠠᠵᠤ ᠤᠶᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠳᠦᠷᠭᠡᠳᠬᠡᠵᠤ᠂  ᠴᠢᠨᠠᠷ ᠲᠠᠢ ᠪᠠᠷ  ᠬᠥᠭᠵᠢᠬᠦ ᠶᠢ ᠠᠬᠢᠭᠤᠯᠪᠠ᠃    ᠲᠠᠷᠢᠶᠠᠯᠠᠩ  ᠂ ᠲᠤᠰᠬᠤᠨ ᠤ ᠬᠦᠭᠵᠢᠯᠲᠡ ᠳᠦᠷᠭᠡᠳᠪᠡ᠃ ᠢᠳᠡᠰᠢᠨ ᠨᠤᠭᠤᠭ᠎ᠠ᠂ ᠲᠦᠮᠦᠰᠦ᠂ ᠮᠠᠨᠵᠢᠨ  ᠂ ᠡᠷᠳᠡᠨᠢ ᠰᠢᠰᠢ ᠶᠢᠨ ᠲᠠᠷᠢᠶᠠᠯᠡᠬᠤ ᠲᠠᠯᠠᠪᠠᠢ ᠨᠢ 41 ᠲᠦᠮᠡᠨ ᠮᠦ᠃ ᠵᠢᠯ ᠳᠡᠭᠡᠨ ᠮᠢᠬᠠᠨ ᠦᠬᠡᠷ 1.9  ᠲᠦᠮᠡ᠂  ᠭᠠᠭ᠋ᠠᠢ22  ᠲᠦᠮᠡ᠂  ᠬᠤᠨᠢ 65   ᠲᠦᠮᠡᠨ ᠲᠤᠯᠤᠭᠠᠢ ᠭᠠᠷᠭᠠᠪᠠ᠃ ᠪᠦᠬᠦ ᠬᠤᠰᠢᠭᠤᠨ ᠤ ᠠᠮᠤ ᠪᠤᠳᠠᠭᠠᠨ ᠤ ᠶᠡᠷᠥᠩᠬᠢ ᠭᠠᠷᠤᠯᠲᠠ ᠨᠢ 1.8 ᠳ᠋ᠦᠩᠰᠢᠭᠤᠷ ᠵᠢᠩ᠂ ᠮᠢᠬᠠᠨ ᠤ ᠶᠡᠷᠥᠩᠬᠢ ᠭᠠᠷᠤᠯᠲᠠ ᠨᠢ 4.5 ᠲᠦᠮᠡᠨ ᠳᠤᠨ᠃ ᠰᠠᠭᠠᠯᠢ ᠶᠢᠨ ᠦᠨᠢᠶ᠎ᠡ᠂ ᠢᠳᠡᠰᠢᠨ ᠤ ᠦᠬᠡᠷ ᠲᠡᠵᠢᠭᠡᠨ ᠦᠷᠡᠵᠢᠬᠦᠯᠬᠦ 4 ᠬᠦᠷᠢᠶᠡᠯᠡᠩ  ᠡᠮᠤᠨ᠎ᠡ ᠬᠤᠭᠤᠴᠠᠭᠠᠨ ᠤ ᠪᠢᠴᠢᠭ ᠪᠠᠷᠢᠮᠲᠠ ᠪᠠᠨ ᠪᠡᠶᠡᠯᠡᠬᠦᠯᠪᠡ᠂  ᠮᠧᠩ ᠲᠢᠶᠠᠨ ᠷᠠᠨ ᠰᠦ ᠤ ᠬᠤᠨᠢᠨ ᠤ ᠳᠦᠰᠥᠯ ᠵᠦᠢᠯ  ᠪᠦᠳᠦᠭᠡᠨ  ᠪᠠᠶᠢᠭᠤᠯᠵᠤ ᠡᠬᠢᠯᠡᠪᠡ᠂ ᠳ᠋ᠠ ᠪᠧᠢ  ᠨᠥᠩ ᠠᠵᠢᠷᠭᠠᠨ ᠭᠠᠭ᠋ᠠᠢ ᠦᠷᠡᠵᠢᠬᠦᠯᠬᠦ ᠲᠠᠯᠠᠪᠠᠢ ᠶᠢᠨ ᠪᠦᠳᠦᠭᠡᠨ ᠪᠠᠶᠢᠭᠤᠯᠦᠯᠲᠠ ᠨᠢ ᠤᠷᠤᠭᠰᠢᠲᠠᠢ ᠶᠠᠪᠤᠭᠳᠠᠵᠤ᠂  ᠦ ᠽᠧ ᠣᠳᠣ ᠦᠶ᠎ᠡ ᠶᠢᠨ ᠲᠠᠷᠢᠶᠠᠯᠡᠩ ᠤᠨ ᠬᠦᠷᠢᠶᠡᠯᠡᠩ ᠨᠢᠭᠡᠲᠦᠭᠡᠷ ᠬᠤᠭᠤᠴᠠᠭᠠᠨ ᠤ ᠪᠠᠷᠢᠯᠭ᠎ᠠ  ᠪᠦᠳᠦᠭᠡᠨ ᠪᠠᠶᠢᠭᠤᠯᠵᠤ ᠭᠡᠷᠡᠭᠯᠡᠯᠲᠡ ᠳᠤ ᠣᠷᠤᠭᠤᠯᠪᠠ᠃15  ᠺᠤᠮᠫᠠᠨᠢ ᠦᠪᠦᠷ ᠮᠣᠩᠭᠤᠯ ᠤᠨ ᠦᠪᠡᠷᠲᠡᠭᠡᠨ ᠵᠠᠰᠠᠬᠤ  ᠣᠷᠣᠨ ᠤ ᠲᠠᠷᠢᠶᠠᠯᠡᠩ ᠮᠠᠯ ᠠᠵᠤ ᠠᠬᠤᠢ ᠶᠢᠨ ᠪᠦᠳᠦᠭᠡᠭᠳᠡᠬᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠨᠡᠬᠡᠮᠵᠢᠯᠡᠬᠦ ᠰᠢᠰᠲ᠋ᠧᠮ ᠳᠤ  ᠤᠷᠤᠪᠠ᠂ ︽ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠨᠤᠬᠠᠢ ᠶᠢᠨ ᠬᠤᠰᠢᠭᠤ︾ ᠭᠠᠵᠠᠷ ᠵᠦᠢ ᠶᠢᠨ ᠲᠡᠮᠳᠡᠭᠲᠦ ᠲᠠᠸᠠᠷ ᠢᠶᠠᠷ  ᠳᠠᠩᠰᠠᠯᠠᠭᠤᠯᠪᠠ᠂  ᠰᠢᠨ᠎ᠡ ᠪᠠᠷ13 ᠬᠤᠤᠷ ᠦᠬᠡᠢ ᠤᠷᠭᠠᠨᠢᠭ ᠲᠠᠷᠢᠶᠠᠯᠡᠩ ᠤᠨ ᠪᠦᠳᠦᠭᠡᠭᠳᠡᠬᠦᠨ ᠢ ᠬᠡᠷᠡᠴᠢᠯᠡᠪᠠ᠃  ᠰᠢᠨ ᠯᠥᠩ  ᠴᠢᠩ᠂ ᠰᠢᠩ ᠲᠠᠢ᠂ ᠰᠠᠢ  ᠵᠦ ᠯᠢᠶᠠᠩ ᠤᠯᠠᠭᠠᠨᠴᠠᠪ ᠬᠤᠲᠠ ᠶᠢᠨ ︽ ᠠᠮᠤᠷ ᠲᠥᠪᠰᠢᠨ ᠠᠮᠤ ᠪᠤᠳᠠᠭ᠎ᠠ ᠢᠳᠡᠰᠢᠨ ᠲᠣᠰᠤᠨ︾ ᠤ  ᠵᠢᠱᠢᠶ᠎ᠡ ᠦᠵᠡᠬᠦᠯᠬᠦ ᠺᠤᠮᠫᠠᠨᠢ ᠢᠶᠠᠷ ᠦᠨᠡᠯᠡᠭᠳᠡᠪᠡ᠃ ︽ᠲᠠᠷᠢᠶᠠᠨ ᠭᠠᠵᠠᠷ ᠢ ᠲᠠᠷᠢᠶᠠᠨ ᠲᠡᠭᠡᠷ᠎ᠡ ᠬᠡᠷᠡᠭᠯᠡᠬᠦ︾ ᠵᠠᠷᠴᠢᠮ ᠢ ᠪᠠᠷᠢᠮᠳᠠᠯᠠᠵᠤ᠂ ︽ᠲᠤᠮᠦ ᠪᠦᠷᠭᠡ ᠪᠠᠶᠢᠰᠢᠩ︾ ᠶᠢ ᠴᠡᠭᠴᠡᠯᠡᠨ ᠰᠠᠯᠪᠢᠨ ᠵᠠᠰᠠᠬᠤ ᠶᠢ  ᠯᠠᠪᠳᠠᠭᠤᠨ ᠶᠠᠪᠤᠭᠳᠠᠭᠤᠯᠪᠠ᠃ ᠢᠳᠡᠪᠬᠢᠲᠠᠢ ᠪᠠᠷ ᠬᠤᠷᠢᠭᠯᠠᠬᠤ ᠠᠷᠭ᠎ᠠ ᠬᠡᠮᠵᠢᠶ᠎ᠡ ᠠᠪᠴᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠳᠡᠯᠭᠡᠷᠡᠬᠦ ᠶᠢ  ᠬᠤᠷᠢᠭᠯᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠳᠦᠬᠡᠮᠵᠢ ᠨᠡᠮᠡᠭᠳᠡᠪᠡ᠃ ᠪᠡᠭᠡᠵᠢᠩ ᠦᠪᠤᠷ ᠮᠤᠩᠭᠤᠯ ᠤᠨ ᠬᠠᠮᠵᠢᠯᠴᠠᠭᠠᠨ ᠤ ᠠᠵᠤ ᠤᠶᠢᠯᠡᠰ ᠤᠨ ᠬᠦᠷᠢᠶᠡᠯᠡᠩ ᠂ ᠲᠢᠶᠠᠨ ᠫᠢ ᠱᠠᠨ ᠬᠦᠷᠢᠶᠡᠯᠡᠩ ᠤᠨ ᠶᠡᠷᠥᠩᠬᠢ ᠲᠦᠯᠦᠪᠯᠡᠯᠭᠡ ᠶᠢ ᠵᠠᠰᠠᠨ ᠡᠮᠬᠢᠳᠬᠡᠵᠤ᠂ ᠰᠢᠨ᠎ᠡ ᠪᠠᠷᠢᠭᠰᠠᠨ ᠬᠦᠷᠢᠶᠡᠯᠡᠩ ᠤᠨ ᠵᠠᠮ 19.8 ᠺᠢᠯᠤᠮᠲ᠋ᠧᠷ  ᠬᠦᠷᠴᠦ᠂220 ᠮᠢᠩᠭᠠᠨ ᠸᠤᠯᠲ  ᠴᠠᠬᠢᠯᠭᠠᠨ ᠬᠦᠴᠦᠳᠡᠯ ᠦᠬᠡᠷᠡᠴᠢᠯᠡᠬᠦ ᠦᠷᠲᠡᠭᠡ ᠨᠢᠭᠡ ᠶᠢ ᠪᠠᠶᠢᠭᠤᠯᠵᠤ᠂ ᠬᠦᠷᠢᠶᠡᠯᠡᠩ ᠤᠨ ᠶᠡᠷᠥᠩᠬᠢ ᠲᠠᠭᠠᠭᠠᠴᠠ ᠶᠢᠨ ᠴᠢᠳᠠᠪᠦᠷᠢ ᠨᠢ ᠤᠯᠠᠮ ᠨᠢᠭᠡ ᠠᠯᠬᠤᠮ ᠳᠡᠭᠡᠭᠰᠢᠯᠡᠪᠡ᠃ ᠺᠠᠢ ᠳ᠋ᠠ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠡᠬᠢᠯᠡᠵᠦ᠂ ᠲᠠᠷᠢᠶᠠᠯᠡᠩ ᠮᠠᠯ ᠠᠵᠤ ᠠᠬᠤᠢ ᠶᠢᠨ ᠪᠦᠳᠦᠭᠡᠭᠳᠡᠬᠦᠨ ᠢ ᠪᠣᠯᠪᠠᠰᠤᠷᠠᠭᠤᠯᠬᠤ ᠮᠡᠷᠭᠡᠵᠢᠯ  ᠤᠯᠠᠮ ᠨᠢᠭᠡ ᠠᠯᠬᠤᠮ ᠬᠦᠭᠵᠢᠨ ᠪᠠᠳᠠᠷᠠᠪᠠ᠃ ᠵᠢᠩ ᠯᠢ ᠡᠬᠦᠳᠡᠨ ᠺᠤᠮᠫᠠᠨᠢ᠂ ᠵᠧᠦ ᠵᠢᠢ ᠮᠤᠳᠣᠨ ᠤ ᠺᠤᠮᠫᠠᠨᠢ ᠵᠡᠷᠭᠡ ᠮᠤᠳᠤᠨ ᠮᠠᠲ᠋ᠧᠷᠢᠶᠠᠯ ᠤᠨ ᠲᠠᠪᠤᠨ  ᠺᠤᠮᠫᠠᠨᠢ ᠲᠣᠷᠰᠢᠨ  ᠤᠶᠢᠯᠡᠳᠪᠤᠷᠢᠯᠡᠵᠦ ᠡᠬᠢᠯᠡᠪᠡ᠂ ᠲᠢᠶᠠᠨ ᠯᠦ ᠬᠦᠳᠡᠯᠭᠡᠭᠡᠨᠲᠦ ᠬᠤᠪᠠᠨᠴᠠᠷ ᠮᠤᠳᠤᠨ ᠱᠠᠯᠠ᠂ ᠬᠠᠢ ᠷᠦᠨ ᠴᠠᠩ ᠱᠧᠩ  ᠰᠦᠯᠢᠶᠣᠤ ᠮᠠᠲ᠋ᠧᠷᠢᠶᠠᠯ ᠵᠡᠷᠭᠡ ᠰᠠᠪᠢᠬᠢᠨ ᠰᠦᠯᠢᠶᠣᠤ ᠶᠢᠨ6  ᠲᠦᠷᠦᠯ ᠵᠦᠢᠯ ᠡᠬᠢᠯᠡᠵᠤ ᠪᠦᠳᠦᠭᠡᠨ ᠪᠠᠶᠢᠭᠤᠯᠪᠠ᠃ ᠮᠣᠳᠣᠨ ᠮᠠᠲ᠋ᠧᠷᠢᠶᠠᠯ ᠤᠨ ᠭᠡᠷ ᠤᠨ  ᠬᠡᠷᠡᠭᠰᠡᠯ᠂ ᠰᠠᠪᠢᠬᠢᠨ ᠰᠦᠯᠢᠶᠣᠤ ᠶᠢᠨ ᠠᠵᠤ ᠦᠢᠯᠡᠳᠪᠦᠷᠢ  ᠣᠯᠠᠰᠢᠷᠠᠪᠠ᠃ ᠫᠦ᠋ ᠰᠢ  ᠬᠡᠮᠵᠢᠭᠦᠷᠯᠢᠭ᠂ ᡁᠢ ᠯᠢ ᠦᠨᠳᠦᠷ ᠳᠤᠮᠲᠠ᠂ ᠳᠣᠣᠷ᠎ᠠ ᠨᠡᠭᠡᠯᠡᠬᠡᠢ ᠵᠡᠷᠭᠡ 5 ᠲᠣᠨᠤᠭᠯᠠᠯ ᠦᠢᠯᠡᠳᠬᠦ  ᠲᠦᠷᠦᠯ ᠵᠦᠢᠯ ᠤᠨ ᠪᠦᠳᠦᠭᠡᠨ ᠪᠠᠶᠢᠭᠤᠯᠦᠯᠲᠠ ᠨᠢ ᠤᠷᠤᠭᠰᠢᠲᠠᠢ ᠶᠠᠪᠦᠭ᠌ᠳᠠᠪᠠ᠃ ᠠ ᠯᠢ ᠪᠠ ᠪᠠ ᠳ᠋ᠠᠶᠢᠲ᠋ᠠ ᠶᠢᠨ ᠲᠥᠪ ᠤᠨ ᠭᠤᠣᠯ ᠴᠤᠭᠴᠠ ᠨᠢ ᠪᠠᠶᠢᠭᠤᠯᠦᠨ ᠲᠠᠭᠤᠰᠴᠦ᠂ ᠬᠤᠸᠠ ᠸᠡᠢ ᠳ᠋ᠠᠶᠢᠲ᠋ᠠ ᠶᠢᠨ ᠲᠥᠪ ᠤᠨ ᠲᠦᠷᠪᠡᠳᠦᠭᠡᠷ ᠬᠤᠭᠤᠴᠠᠭᠠᠨ ᠤ ᠪᠠᠷᠢᠯᠭ᠎ᠠ ᠶᠢᠨ ᠭᠠᠵᠠᠷ ᠢᠶᠠᠨ ᠰᠤᠩᠭᠤᠨ ᠲᠤᠭᠳᠠᠵᠤ᠂ ᠲᠤᠮᠦ ᠳ᠋ᠠᠶᠢᠲ᠋ᠠ  ᠬᠥᠭᠵᠢᠯᠲᠡ ᠶᠢᠨ ᠢᠷᠡᠭᠡᠲᠦᠢ ᠲᠠᠢ᠃ ᠰᠢᠦᠢ ᠹᠧᠩ᠂ ᠫᠦ᠋ ᠡᠯ ᠮᠠ ᠨᠢ ᠪᠦᠬᠦ ᠤᠷᠤᠨ ᠤ ᠠᠷᠠᠳ ᠠᠴᠠ ᠡᠷᠬᠢᠯᠡᠭᠰᠡᠨ ᠰᠢᠯᠢᠳᠡᠭ ᠺᠤᠮᠫᠠᠨᠢ  ᠢᠶᠠᠷ ᠰᠤᠩᠭᠤᠭᠳᠠᠵᠤ᠂ ᠪᠦᠬᠦ ᠬᠤᠰᠢᠭᠤᠨ ᠤ  ᠬᠡᠪᠴᠢᠶᠡᠵᠢᠯ ᠠᠴᠠ ᠲᠡᠭᠡᠭᠰᠢᠬᠢ ᠶᠡᠷᠥᠩᠬᠢ ᠦᠷᠲᠡᠭ ᠨᠢ 134.8 ᠳ᠋ᠦᠩᠰᠢᠭᠤᠷ ᠲᠦᠮᠡᠨ ᠲᠦᠬᠦᠷᠢᠭ  ᠬᠦᠷᠪᠡ᠃ ᠣᠳᠤ ᠦᠶ᠎ᠡ ᠶᠢᠨ ᠦᠢᠯᠡᠴᠢᠯᠡᠭᠡᠨ ᠤ ᠠᠵᠢᠯ ᠲᠦᠷᠦᠯ  ᠶᠠᠪᠤᠬᠤ ᠲᠤᠲᠤᠮ ᠴᠡᠴᠡᠭᠯᠡᠨ ᠬᠦᠭᠵᠢᠪᠡ᠃  ᠣᠮᠠᠷᠠᠳᠤ ᠶᠢᠨ ᠬᠠᠭᠤᠴᠢᠨ ᠲᠡᠷᠭᠡ ᠠᠷᠠᠯᠵᠢᠶᠠᠯᠠᠬᠤ ᠵᠠᠬ᠎ᠠ ᠳᠡᠯᠭᠡᠬᠦᠷ ᠰᠠᠶᠢᠨ  ᠬᠥᠭᠵᠢᠵᠦ  ᠂ ᠠᠮᠳᠠᠲᠦ ᠢᠳᠡᠬᠡᠨ ᠤ ᠴᠤᠭᠯᠠᠭᠠᠨ ᠤ ᠢᠳᠡᠰᠢᠨ ᠤᠮᠳᠠᠭᠠᠨ ᠤ ᠪᠤᠯᠪᠠᠰᠤᠷᠠᠭᠤᠯᠬᠤ ᠬᠦᠷᠢᠶᠡᠯᠡᠩ ᠲᠤᠷᠰᠢᠨ ᠠᠰᠢᠭᠯᠡᠯᠲᠠ ᠳᠤ ᠤᠷᠤᠵᠦ᠂ ᠪᠧᠢ ᠹᠠᠩ ᠣᠯᠠᠨ ᠤᠯᠤᠰ ᠤᠨ ᠴᠢᠯᠠᠭᠤᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠨᠢᠭᠡᠲᠦᠭᠡᠷ ᠬᠤᠭᠤᠴᠠᠭ᠎ᠠ  ᠵᠢᠩᠬᠢᠨᠢ ᠪᠠᠷ  ᠠᠰᠢᠭᠯᠠᠯᠲᠠ ᠳᠤ ᠤᠷᠤᠪᠠ᠂  ᠴᠢᠭᠤᠯᠠᠯᠲᠤ ᠬᠠᠭᠠᠯᠭ᠎ᠠ ᠠᠴᠠ ᠬᠦᠬᠡᠬᠤᠲᠠ ᠬᠦᠷᠬᠦ ᠦᠨᠳᠦᠷ ᠬᠤᠷᠳᠤᠴᠠᠲᠦ ᠲᠡᠮᠦᠷ ᠵᠠᠮ ᠤᠨ ᠣᠯᠠᠭᠠᠨᠴᠠᠪ ᠠᠴᠠ ᠬᠦᠬᠡᠬᠤᠲᠠ ᠶᠢᠨ ᠬᠤᠭᠤᠷᠤᠨᠳᠤᠬᠢ ᠡᠭᠡᠯᠵᠢᠨ ᠮᠠᠰᠢᠨ ᠡᠳᠦᠷ  ᠪᠣᠯᠭᠠᠨ16  ᠤᠳᠠᠭ᠎ᠠ ᠬᠦᠳᠡᠯᠵᠤ᠂ ᠬᠦᠮᠦᠰ ᠤᠨ ᠠᠩᠬᠠᠷᠣᠯ ᠢ ᠳᠠᠲᠠᠪᠠ᠃ ᠲᠢᠶᠠᠨ ᠶᠤᠸᠠᠨ ᠤᠯᠠᠨ ᠤᠯᠤᠰ ᠤᠨ ᠡᠳ᠋ ᠪᠠᠷᠠᠭ᠎ᠠ ᠶᠢᠨ ᠬᠦᠢᠯᠭᠡᠭᠡ ᠶᠢᠨ ᠲᠥᠷᠦᠯ ᠵᠦᠢᠯ  ᠪᠠᠷᠢᠯᠭ᠎ᠠ ᠡᠬᠢᠯᠡᠵᠦ  ᠂ ᠸᠠᠨ ᠢ ᠡᠳ᠋ ᠪᠠᠷᠠᠭ᠎ᠠ ᠶᠢᠨ ᠬᠦᠢᠯᠭᠡᠭᠡ ᠶᠢᠨ ᠬᠦᠷᠢᠶᠡᠯᠡᠩ  ᠬᠤᠳᠠᠯᠳᠤᠭᠠᠴᠢᠨ ᠤᠷᠢᠵᠦ  ᠂  ᠲᠢᠶᠡᠨᠵᠢᠨ ᠭᠠᠷᠠᠮ ᠠᠴᠠ ᠤᠯᠠᠭᠠᠨᠴᠠᠪ  ᠬᠦᠷᠬᠦ ︽ᠵᠠᠰᠠᠮᠠᠯ ᠵᠠᠮ ᠠᠴᠠ ᠲᠡᠮᠦᠷ ᠵᠠᠮ ᠬᠤᠪᠢᠷᠠᠬᠤ︾  ᠬᠤᠣᠰ ᠴᠢᠭᠯᠡᠯᠲᠦ ᠵᠢᠰᠢᠶᠠᠨ ᠤ ᠭᠠᠯᠲᠤ ᠲᠡᠷᠭᠡ ᠵᠢᠩᠬᠢᠨᠢ ᠪᠠᠷ ᠨᠡᠪᠲᠡᠷᠡᠵᠦ᠂ ᠲᠣᠮᠣ ᠡᠳ᠋ ᠪᠠᠷᠠᠭ᠎ᠠ ᠶᠢᠨ ᠭᠦᠢᠯᠭᠡᠭᠡᠨ ᠤ ᠪᠠᠶᠢᠷᠢᠰᠢᠯ ᠶᠠᠭ ᠠᠯᠬᠤᠮ ᠠᠯᠬᠤᠮ ᠢᠶᠠᠷ ᠪᠦᠷᠢᠯᠳᠦᠵᠦ ᠪᠣᠶ᠃ ᠨᠠᠨᠼᠦ᠋ᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ᠂  ᠭᠠᠷ ᠤᠷᠠᠯᠠᠯ ᠤᠨ ᠪᠦᠲᠦᠭᠡᠭᠳᠡᠬᠦᠨ ᠵᠡᠷᠭᠡ 4 ᠲᠥᠷᠥᠯ ᠤᠨ ᠪᠦᠲᠦᠭᠡᠭᠳᠡᠬᠦᠨ ᠨᠢ ᠨᠠᠷᠠᠲᠤ ᠲᠥᠷᠥᠯ ᠲᠡᠮᠳᠡᠭ  ᠤᠨ ᠪᠣᠭᠤᠳᠠᠯ ᠪᠠ ᠲᠠᠸᠠᠷ ᠤᠨ ᠲᠡᠮᠳᠡᠭ  ᠢ ᠳᠠᠩᠰᠠᠯᠠᠭᠤᠯᠬᠤ ᠶᠢ ᠪᠡᠶᠡᠯᠡᠭᠦᠯᠵᠦ᠂ ᠰᠢᠩ ᠬᠤᠸᠠ ᠶᠤᠸᠠᠨ ᠵᠡᠷᠭᠡ 9 ᠠᠵᠤ ᠠᠬᠤᠢᠯᠠᠯ ᠨᠡᠶᠢᠲᠡ ᠶᠢᠨ ᠠᠰᠠᠷᠠᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠣᠷᠣᠵᠤ᠂ ᠤᠯᠤᠰ ᠠᠴᠠ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤᠨ ᠤ ᠲᠥᠷᠥᠯ ᠵᠦᠢᠯ ᠳᠤᠮᠳᠠ ᠬᠤᠭᠤᠴᠠᠭᠠᠨ ᠤ ᠠᠮᠵᠢᠯᠲᠠ ᠪᠦᠲᠦᠮᠵᠢ ᠶᠢᠨ ᠦᠨᠡᠯᠡᠯᠲᠡ ᠶᠢ ᠤᠷᠤᠭᠰᠢᠲᠠᠢ ᠥᠩᠭᠡᠷᠡᠭᠡᠪᠡ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠲᠠᠷᠪᠤᠰ ᠤᠨ ᠨᠠᠶᠢᠷ ᠪᠣᠯᠤᠨ ᠴᠠᠬᠠᠷ ᠮᠥᠰᠥ ᠴᠠᠰᠤᠨ ᠤ ᠰᠢᠨ᠎ᠡ ᠵᠢᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠠᠷᠢᠶᠠᠯᠠᠬᠤ ᠰᠣᠶᠣᠯ ᠤᠨ ᠬᠦᠷᠢᠶᠡᠯᠡᠩ᠂ ᠡᠷᠳᠡᠨᠢᠲᠠᠯ᠎ᠠ ᠥᠪᠡᠷᠲᠡᠭᠡᠨ ᠵᠠᠰᠠᠬᠤ ᠣᠷᠣᠨ ᠤ 5 A ᠲᠡᠰ ᠤᠨ ᠲᠠᠷᠢᠶᠠᠴᠢᠨ ︵ᠮᠠᠯᠴᠢᠨ︶ ᠤ ᠭᠡᠷ ᠤᠨ ᠵᠤᠭᠠᠴᠠᠯ ᠢᠶᠠᠷ ᠦᠨᠡᠯᠡᠭᠳᠡᠵᠦ᠂ ᠵᠤᠭᠠᠴᠠᠯ ᠢᠶᠠᠷ ᠬᠦᠯᠢᠶᠡᠨ ᠠᠪᠬᠤ ᠬᠥᠮᠦᠨ ᠤ ᠲᠤᠭ᠎ᠠ ᠪᠣᠯᠤᠨ ᠣᠷᠣᠯᠭ᠎ᠠ ︽ᠬᠤᠣᠰ ᠨᠡᠮᠡᠭᠳᠡᠯ︾ ᠢ ᠪᠡᠶᠡᠯᠡᠭᠦᠯᠪᠡ᠃     ᠨᠢᠭᠡ ᠵᠢᠯ ᠤᠨ ᠲᠣᠳᠤᠷ᠎ᠠ᠂ ᠪᠢᠳᠡ ᠦᠷᠬᠦᠯᠵᠢᠯᠡᠨ ᠥᠬᠡᠷᠡᠴᠢᠯᠡᠯᠲᠡ ᠨᠡᠭᠡᠭᠡᠯᠲᠠ ᠶᠢ  ᠭᠦᠨᠵᠡᠭᠡᠶᠢᠷᠡᠭᠦᠯᠦᠨ᠂  ᠴᠢᠨᠡᠷ ᠢ ᠬᠦᠭᠵᠢᠬᠦᠯᠵᠦ᠂ ᠬᠠᠷᠢᠯᠴᠠᠨ ᠦᠷᠢᠰᠦᠯᠳᠦᠬᠦ ᠶᠢ  ᠲᠡᠮᠵᠢᠪᠡ᠃     ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠴᠦᠲᠡᠢ ᠠᠬᠢᠭᠤᠯᠪᠠ᠃ ᠭᠤᠷᠪᠠ ᠶᠢ ᠬᠠᠰᠤᠬᠤ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠤᠯᠠ ᠲᠠᠯᠪᠢᠵᠤ  ᠪᠠᠶᠢᠭ᠎ᠠ ᠠᠵᠤ  ᠤᠶᠢᠯᠡᠳᠪᠤᠷᠢ  ᠳᠤ ᠬᠡᠷᠡᠭᠯᠡᠬᠦ 43 ᠪᠦᠯᠦᠭ᠂ 6358 ᠮᠦ ᠭᠠᠵᠠᠷ ᠰᠢᠷᠣᠶ ᠶᠢ  ᠰᠢᠢᠳᠪᠤᠷᠢᠯᠡᠨ᠎ᠡ᠃ ᠣᠯᠠᠨ ᠨᠡᠶᠢᠲᠡ ᠶᠢᠨ ᠲᠦᠷᠢᠶᠡᠰᠦᠨ ᠭᠡᠷ ᠤᠨ 254 ᠢᠵᠢ ᠭᠡᠷ ᠪᠠᠶᠢᠰᠢᠩ ᠢ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠵᠠᠰᠠᠵᠤ ᠪᠤᠴᠠᠭᠠᠨ ᠨᠡᠭᠦᠯᠭᠡᠵᠦ ᠲᠥᠪᠬᠢᠨᠡᠭᠦᠯᠬᠦ ᠳᠤ ᠬᠡᠷᠡᠭᠯᠡᠵᠦ᠂ ᠬᠥᠮᠥᠷᠭᠡ ᠳᠤ ᠬᠠᠳᠠᠭᠠᠯᠠᠵᠤ  ᠪᠠᠶᠢᠭ᠎ᠠ ᠲᠠᠸᠠᠷ ᠤᠨ ᠣᠷᠣᠨ ᠰᠠᠭᠤᠴᠠ ᠶᠢ ᠪᠦᠬᠦᠨ ᠢ  ᠦᠭᠡᠶᠢᠰᠭᠡᠪᠡ  ᠃ ᠭᠠᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠢᠳᠠᠪᠤᠷᠢᠵᠢᠭᠤᠯᠬᠤ᠂ ᠠᠵᠤ ᠠᠬᠤᠢᠯᠠᠯ ᠤᠨ ᠭᠠᠶᠢᠯᠢ ᠶᠢᠨ ᠰᠦᠢᠳᠬᠡᠯ ᠢ 6000 ᠲᠦᠮᠡ ᠰᠢᠬᠠᠮ ᠲᠥᠭᠦᠷᠢᠭ ᠬᠠᠰᠤᠵᠤ ᠬᠡᠯᠲᠦᠷᠢᠭᠦᠯᠪᠡ᠃ 《ᠡᠷᠬᠡ ᠶᠢ ᠲᠠᠯᠪᠢᠨ᠂ ᠵᠠᠰᠠᠭ ᠢ ᠴᠤᠮᠠᠳᠬᠠᠨ᠂ ᠬᠠᠮᠢᠶᠠᠷᠤᠯᠲᠠ ᠶᠢ ᠤᠶᠠᠯᠳᠤᠭᠤᠯᠵᠦ᠂ ᠤᠶᠢᠯᠡᠴᠢᠯᠡᠭᠡ ᠶᠢ ᠰᠢᠯᠢᠳᠡᠭᠵᠢᠭᠦᠯᠬᠦ》 ᠦᠭᠡᠷᠡᠴᠢᠯᠡᠯᠲᠡ  ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠶᠡᠭᠡ ᠰᠢᠪᠠᠳᠠᠨ ᠪᠠᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠬᠤᠶᠠᠷ ᠢ ᠲᠥᠪᠯᠡᠷᠡᠭᠦᠯᠵᠦ᠂ ᠬᠤᠶᠠᠷ ᠢ ᠨᠠᠢᠳᠠᠪᠤᠷᠢᠵᠢᠭᠤᠯᠬᠤ︾᠂ ︽ᠳᠠᠷᠦ᠋ᠬᠠᠨ ᠭᠦᠶ᠋ᠴᠡᠳᠬᠡᠬᠦ︾᠂ ︽ᠣᠶᠢᠷ᠎ᠠ ᠬᠠᠪᠢ ᠳᠤᠨᠢ  ᠰᠢᠢᠳᠪᠤᠷᠢᠯᠡᠬᠦ︾᠂ ︽ᠨᠢᠭᠡ ᠯᠠ ᠤᠳᠠᠭ᠎ᠠ ᠭᠦᠶᠦᠬᠦ︾ ᠵᠡᠷᠭᠡ ᠰᠢᠷᠢᠰ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ᠂ᠨᠢᠭᠡ ᠶᠢ ᠢᠯᠠ ᠪᠣᠯᠭᠠᠬᠤ︾ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ  ᠲᠣᠯᠭᠠᠷᠠᠭᠰᠠᠨ‌ᠠᠰᠠᠭᠤᠳᠠᠯ ᠢ ᠪᠦᠲᠦᠮᠵᠢᠲᠡᠶ  ᠰᠢᠢᠳᠪᠤᠷᠢᠯᠡᠪᠡ᠃ ᠠᠵᠤ ᠠᠬᠤᠢᠯᠠᠯ ᠤᠨ ᠳᠠᠩᠰᠠᠯᠠᠯ ᠤᠨ ᠪᠥᠬᠦ ᠶᠠᠪᠤᠴᠠ ᠶᠢ ᠡᠯᠤᠺᠲᠷᠤᠨᠴᠢᠯᠠᠵᠤ᠂ ᠨᠡᠭᠡᠭᠡᠨ ᠡᠷᠬᠢᠯᠡᠬᠦ ᠴᠠᠭ  ᠢ ᠭᠤᠷᠪᠠᠨ ᠠᠵᠢᠯ ᠤᠨ ᠡᠳᠦᠷ ᠪᠣᠯᠭᠠᠨ ᠪᠣᠭᠤᠨᠢᠰᠬᠠᠵᠤ᠂ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠴᠠᠭ  ᠢ ᠭᠤᠷᠪᠠᠨ ᠤ ᠬᠤᠶᠠᠷ ᠬᠤᠪᠢ ᠠᠴᠠ ᠳᠡᠭᠡᠭᠰᠢ ᠪᠠᠭᠠᠰᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 1298 ᠰᠢᠨ᠎ᠡ ᠪᠠᠷ ᠨᠡᠮᠡᠭᠳᠡᠭᠦᠯᠪᠡ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠪᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠪᠠᠷ ᠳᠠᠮᠵᠢᠭᠤᠯᠤᠨ᠂ ᠦᠨᠡᠮᠯᠡᠯ ᠣᠯᠭᠤᠬᠤ ᠨᠣᠷᠮ᠎ᠠ  ᠶᠢ 70 % ᠳᠤ ᠬᠦᠷᠭᠡᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠨᠢ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠪᠠ ᠪᠦᠷᠢᠯᠳᠦᠬᠦᠨ ᠤ ᠪᠡᠶ᠎ᠡ  ᠢ ᠮᠠᠭᠠᠳᠯᠠᠨ ᠲᠣᠭᠲᠠᠭᠠᠬᠤ ᠶᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ᠨᠡᠶᠢᠬᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ᠂ ᠡᠳ᠋ ᠤᠨ ᠵᠠᠰᠠᠭ  ᠭᠠᠶᠢᠯᠢ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠵᠤ᠂ ︽ᠭᠤᠷᠪᠠᠨ ᠶᠠᠪᠤᠳᠠᠯ︾ ᠢ ᠢᠯᠠ ᠪᠣᠯᠭᠠᠬᠤ ᠲᠣᠮᠣ ᠳ᠋ᠠᠶᠢᠲ᠋ᠠ ᠶᠢᠨ ᠡᠭᠦᠯᠡᠨ ᠲᠠᠪᠴᠠᠩ ᠠᠰᠢᠭᠯᠠᠯᠲᠠ ᠳᠤ ᠣᠷᠣᠵᠤ᠂ ᠠᠵᠤ ᠠᠬᠤᠢ ᠨᠡᠢᠭᠡᠮ ᠤᠨ ᠬᠥᠭᠵᠢᠯᠲᠡ ᠪᠣᠯᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠪᠠ᠃    ᠨᠢᠭᠡ ᠵᠢᠯ ᠤᠨ ᠲᠤᠷᠰᠢ᠂ ᠪᠢᠳᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠬᠤᠲᠠ ᠬᠥᠳᠡᠭᠡ ᠶᠢᠨ ᠳᠦᠷᠰᠦ ᠪᠠᠢᠳᠠᠯ ᠢᠯᠡᠳᠲᠡ ᠰᠠᠶᠢᠵᠢᠷᠠᠪᠠ᠃    ᠰᠢᠨ᠎ᠡ ᠲᠣᠭᠤᠷᠢᠭ  ᠤᠨ ᠴᠢᠨᠠᠷ ᠴᠢᠨᠰᠠᠭ᠎ᠠ ᠦᠷᠭᠦᠯᠵᠢᠯᠡᠨ ᠳᠡᠭᠡᠭᠰᠢᠯᠡᠪᠡ᠃ ᠠᠯᠠᠱᠠᠨ ᠵᠡᠭᠦᠨ ᠪᠠᠷᠠᠭᠤᠨ ᠵᠡᠭᠡᠯᠢ᠂  ᠭᠬᠢᠷ ᠤᠨ ᠨᠠᠭᠤᠷ ᠤᠨ ᠵᠡᠭᠡᠯᠢ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠰᠦᠯᠳᠡ ᠵᠠᠮ ᠵᠡᠷᠭᠡ ︽ᠬᠤᠶᠠᠷ ᠭᠤᠯᠳᠤ ᠭᠤᠷᠪᠠᠨ ᠬᠥᠨᠳᠡᠯᠡᠨ︾ ᠵᠠᠮ ᠤᠨ ᠪᠦᠲᠦᠭᠡᠨ ᠪᠠᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠤᠭ ᠨᠣᠪᠰᠢ ᠶᠢ ᠰᠢᠶ᠋ᠳᠪᠦᠷᠢᠯᠡᠬᠦ ᠲᠠᠯᠠᠪᠠᠢ ᠶᠢ ᠲᠤᠷᠰᠢᠨ ᠡᠵᠡᠩᠨᠡᠯᠲᠡ ᠳᠤ ᠣᠷᠣᠭᠤᠯᠵᠤ᠂ ᠰᠢᠨ᠎ᠡ ᠲᠣᠭᠤᠷᠢᠭ  ᠤᠨ ᠵᠠᠮ ᠨᠡᠪᠲᠡᠷᠡᠭᠰᠡᠨ ᠨᠣᠷᠮ᠎ᠠ ᠪᠠ ᠣᠯᠠᠨ ᠨᠡᠶᠢᠲᠡ ᠶᠢᠨ  ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃  ᠦᠨᠳᠤᠷ ᠬᠤᠷᠳᠤᠴᠠᠲᠤ ᠲᠡᠮᠦᠷ ᠵᠠᠮ ‍ᠤᠨ‌ᠥᠷᠲᠡᠭᠡ  ᠶᠢᠨ  ᠦᠵᠡᠮᠵᠢ ᠶᠢᠨ ᠲᠤᠭᠤᠷᠢᠭ ᠤᠨ ᠣᠰᠣᠨ  ᠰᠢᠰᠲ᠋ᠧᠮ ᠤᠨ ᠪᠦᠲᠦᠭᠡᠨ ᠪᠠᠢᠭᠤᠯᠤᠯᠲᠠ ᠶᠢᠨ ᠪᠠᠷᠢᠯᠭ᠎ᠠ ᠦᠨᠳᠦᠰᠦᠨ ᠳᠡᠭᠡᠨ ᠳᠠᠭᠤᠰᠪᠠ᠃ ᠸᠠᠩ ᠵᠢᠩ᠂ ᠾᠧᠩ ᠳ᠋ᠠ᠂ ᠸᠠᠨ ᠾᠧᠩ ᠵᠡᠷᠭᠡ ᠨᠢᠭᠡ ᠪᠦᠯᠦᠭ ᠥᠨᠳᠥᠷ ᠶᠠᠰᠤ ᠴᠢᠨᠠᠷ ᠲᠠᠢ ᠬᠤᠳᠠᠯᠳᠤᠭᠠᠨ ᠤ ᠣᠷᠣᠨ ᠰᠠᠭᠤᠴᠠ ᠶᠢᠨ ᠲᠥᠷᠥᠯ  ᠵᠦᠢᠯ ᠤᠨ ᠪᠠᠨᠷᠢᠯᠭ᠎ᠠ ᠡᠬᠢᠯᠡᠪᠡ᠃ ᠲᠤᠭ ᠤᠨ ᠠᠭᠤᠯᠠ ᠪᠠᠯᠭᠠᠰᠤᠨ ᠤ ᠣᠷᠴᠢᠨ ᠲᠣᠭᠤᠷᠢᠨ ᠨᠠᠩ ᠲᠠᠭᠠᠯᠠᠮᠵᠢᠲᠠᠢ ᠪᠣᠯᠵᠠᠢ᠃ ᠲᠥᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ   ᠤᠨ1600 ᠡᠷᠦᠬᠡ ᠶᠢ ᠲᠠᠲᠠᠪᠤᠷᠢᠯᠠᠵᠤ᠂ ᠭᠤᠸᠠᠩ ᠮᠢᠩ ᠵᠡᠭᠡᠯᠢ᠂ ᠰᠢᠨᠬᠤᠸᠠ ᠵᠡᠭᠡᠯᠢ ᠶᠢᠨ ᠪᠣᠷᠣᠭᠠᠨ ᠤ ᠪᠣᠬᠢᠷᠲᠤᠯ ᠢ ᠰᠠᠯᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠬᠦ ᠠᠵᠢᠯ ᠢ ᠪᠡᠶᠡᠯᠡᠭᠦᠯᠵᠦ᠂ 20 ᠰᠠᠭᠤᠭᠠᠯᠢ ᠠᠷᠠᠳ ᠤᠨ  ᠲᠣᠭᠤᠷᠢᠭ ᠢ ᠳᠠᠮᠵᠢᠭᠤᠯᠬᠤ ᠬᠤᠭᠤᠯᠠᠶ ᠶᠢᠨ ᠪᠠᠶᠢᠭᠠᠯᠢ ᠶᠢᠨ ᠰᠢᠲᠠᠮᠠᠬᠠᠶ ᠬᠡᠢ ᠳᠤ ᠵᠠᠯᠭᠠᠨ ᠣᠷᠣᠭᠤᠯᠵᠤ᠂ ᠢᠯᠴᠢ ᠬᠠᠩᠭᠠᠬᠤ᠂ ᠤᠰᠤ ᠬᠠᠩᠭᠠᠬᠤ ᠬᠤᠭᠤᠯᠠᠶ ᠶᠢᠨ ᠲᠣᠣᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠶᠢᠲᠡ ᠶᠢᠨ ᠵᠣᠷᠯᠣᠩ᠂ ᠬᠤᠭ ᠨᠣᠪᠰᠢ ᠳᠠᠮᠵᠢᠭᠤᠯᠬᠤ ᠥᠷᠲᠡᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠭᠤᠸᠠᠩ ᠮᠢᠩ ᠴᠡᠴᠡᠷᠯᠢᠭ ᠵᠡᠷᠭᠡ 5 ᠵᠤᠭᠠᠴᠠᠯ ᠤᠨ ᠲᠠᠯᠠᠪᠠᠢ ᠶᠢ ᠰᠢᠨ᠎ᠡ ᠪᠠᠷ ᠪᠠᠢᠭᠤᠯᠤᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ  ᠰᠢᠶᠠᠨ ᠢ ᠠᠮᠵᠢᠯᠲᠠ ᠲᠠᠢ ᠪᠠᠶᠢᠭᠤᠯᠪᠠ᠃ ᠬᠤᠲᠠ  ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ  ᠶᠢ  ᠴᠢᠩᠭ᠎ᠠ ᠳᠦᠷᠢᠮᠵᠢᠭᠦᠯᠵᠦ  ᠂ ᠵᠠᠮ ᠡᠵᠡᠯᠡᠨ ᠡᠵᠡᠩᠨᠡᠬᠦ᠂ ᠡᠭᠦᠳᠡᠨ ᠳᠡᠭᠡᠭᠦᠷ ᠲᠠᠯᠪᠢᠬᠤ᠂ ᠲᠡᠷᠭᠡ ᠮᠠᠰᠢᠨ ᠢ ᠳᠤᠷ᠎ᠠ ᠪᠠᠷ ᠢᠶᠠᠨ ᠵᠣᠭᠰᠣᠭᠠᠬᠤ ᠵᠡᠷᠭᠡ ᠦᠢᠯᠡ ᠠᠵᠢᠯᠯᠠᠭ᠎ᠠ ᠟  ᠶᠢ ᠲᠥᠪᠯᠡᠷᠡᠭᠦᠯᠦᠨ ᠴᠡᠭᠴᠡᠯᠡᠵᠦ᠂ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠡᠯ᠎ᠡ ᠲᠥᠷᠥᠯ  ᠤᠨ ᠲᠡᠷᠭᠡ ᠮᠠᠰᠢᠨ ᠢ 26 ᠰᠢᠨ᠎ᠡ ᠪᠠᠷ ᠨᠡᠮᠡᠭᠳᠡᠭᠦᠯᠵᠦ᠂ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠠᠵᠢᠯᠴᠢᠨ 110 ᠬᠥᠮᠥᠨ  ᠢ ᠰᠢᠨ᠎ᠡ ᠪᠠᠷ ᠨᠡᠮᠡᠭᠳᠡᠭᠦᠯᠦᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ  ᠤᠨ  ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ  ᠤ ᠡᠷᠡᠭᠦᠯ ᠬᠠᠮᠠᠭᠠᠯᠠᠯ  ᠤᠨ ᠬᠤᠰᠢᠭᠤ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠡᠮᠬᠢ ᠵᠢᠷᠤᠮ ᠲᠠᠢ  ᠪᠣᠯᠪᠠ᠃ ︽ᠳᠥᠷᠪᠡᠨ ᠰᠠᠢᠨ ᠬᠥᠳᠡᠭᠡ ᠲᠣᠰᠬᠤᠨ ᠤ ᠵᠠᠮ︾ ᠤᠨ 190 ᠺᠢᠯᠣᠮᠧᠲᠷ ᠢᠵᠢ ᠪᠦᠷᠢᠳᠦᠭᠦᠯᠬᠦ ᠢᠨᠵᠧᠨᠧᠷᠢᠩ ᠢ ᠲᠡᠭᠦᠯᠳᠡᠷᠵᠢᠭᠦᠯᠵᠦ᠂ 44 ᠺᠢᠯᠣᠮᠧᠲᠷ ᠲᠣᠰᠬᠤᠨ ᠳᠤ ᠨᠡᠪᠲᠡᠷᠡᠬᠦ ᠵᠠᠮ  ᠢ  ᠪᠡᠶᠡᠯᠡᠭᠦᠯᠪᠡ᠃ ᠬᠥᠳᠡᠭᠡ ᠲᠣᠰᠬᠤᠨ ᠤ 42 ᠠᠷᠢᠭᠤᠨ ᠴᠡᠪᠡᠷ ᠵᠣᠷᠯᠣᠩ ᠢ ᠰᠢᠨ᠎ᠡ ᠪᠠᠷ ᠪᠠᠢᠭᠤᠯᠵᠤ᠂ 200  ᠠᠷᠢᠭᠤᠨ ᠴᠡᠪᠡᠷ ᠵᠣᠷᠯᠣᠩ ᠢ ᠥᠭᠡᠷᠡᠴᠢᠯᠡᠨ ᠪᠠᠢᠭᠤᠯᠵᠤ᠂ ᠫᠢᠩ ᠳ᠋ᠢ ᠴᠢᠤᠸᠠᠨ ᠪᠠᠯᠭᠠᠰᠤᠨ ᠤ ᠡᠮᠦᠨ᠎ᠡ ᠲᠣᠰᠬᠤᠨ ᠵᠡᠷᠭᠡ 4 ᠬᠥᠳᠡᠭᠡ ᠲᠣᠰᠬᠤᠨ ᠤ ᠪᠣᠬᠢᠷ ᠤᠰᠤ ᠶᠢ  ᠰᠢᠢᠳᠪᠤᠷᠢᠯᠡᠬᠦ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ  ᠢ ᠨᠢᠭᠡ ᠴᠣᠭᠴᠠᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃    ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ᠂ ᠠᠷᠠᠳ ᠤᠨ ᠠᠮᠢᠳᠤᠷᠠᠯ ᠢ ᠨᠠᠩ ᠰᠠᠶᠢᠨ ᠰᠠᠢᠬᠠᠨ ᠪᠣᠯᠭᠠᠪᠠ    ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠬᠦ ᠵᠠᠷᠤᠯᠭ᠎ᠠ 17. 3 ᠳ᠋ᠦᠩᠰᠢᠭᠤᠷ ᠲᠥᠭᠦᠷᠢᠭ ᠲᠤ ᠬᠥᠷᠪᠡ᠃ ᠬᠤᠲᠠ ᠪᠠᠯᠭᠠᠰᠤᠨ ᠤ 1016 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4 % ᠶᠢᠨ ᠳᠣᠲᠣᠷ᠎ᠠ ᠬᠢᠵᠠᠭᠠᠷᠯᠠᠨ᠎ᠠ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠵᠡᠷᠭᠡ ᠨᠡᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠡᠷᠦᠬᠡ ᠳᠠᠷᠠᠭᠠᠯᠠᠨ ᠪᠠᠲᠤᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠰᠤᠷᠭᠠᠨ ᠬᠥᠮᠦᠵᠢᠯ ᠤᠨ ︽ᠭᠤᠷᠪᠠᠨ ᠵᠦᠢᠯ ᠤᠨ ᠥᠭᠡᠷᠡᠴᠢᠯᠡᠯᠲᠡ︾ ᠯᠠᠪᠳᠠᠭᠤᠨ ᠢᠶᠠᠷ ᠠᠬᠢᠵᠤ᠂ ᠵᠢᠨᠢᠩ ᠤᠨ ᠪᠠᠭᠰᠢ ᠶᠢᠨ ᠳᠡᠭᠡᠳᠤ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠫᠠᠶᠢᠰᠠ ᠡᠯᠭᠦᠨ ᠪᠠᠶᠢᠭᠤᠯᠤᠭᠳᠠᠵᠤ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠠᠰᠢᠭᠯᠠᠯᠲᠠ ᠳᠤ ᠣᠷᠣᠵᠤ᠂ ᠰᠢᠨ ᠱᠢ ᠵᠢᠢ ᠪᠠᠭ᠎ᠠ ᠰᠤᠷᠭᠠᠭᠤᠯᠢ ᠪᠦᠬᠦ ᠤᠯᠤᠰ  ᠤᠨ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠦᠨᠡᠯᠡᠭᠳᠡᠵᠦ᠂ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠰᠢᠨ᠎ᠡ ᠠᠯᠬᠤᠮ ᠢ ᠠᠯᠬᠤᠪᠠ᠃  20 ᠤᠯᠠᠭᠠᠨᠮᠥ᠋ᠴᠢᠷ ᠤᠨ ᠲᠣᠭᠯᠠᠭᠴᠢ  ᠡᠯᠰᠡᠵᠦ᠂ ᠤᠯᠠᠭᠠᠨᠮᠥ᠋ᠴᠢᠷ ᠤᠨ ᠬᠤᠪᠴᠠᠰᠤ ᠬᠤᠨᠠᠷ᠂ ᠪᠠᠭᠠᠵᠢ ᠬᠡᠷᠡᠭᠰᠡᠯ᠂ ᠬᠥᠭᠵᠢᠮᠳᠡᠭᠦᠷ ᠵᠡᠷᠭᠡ ᠲᠣᠨᠤᠭ ᠲᠥᠬᠦᠭᠡᠷᠦᠮᠵᠢ ᠶᠢ ᠰᠢᠨᠡᠳᠬᠡᠨ ᠲᠣᠬᠢᠷᠠᠭᠤᠯᠵᠤ᠂ ︽ᠰᠢᠨ᠎ᠡ ᠴᠠᠭ ᠦᠶ᠎ᠡ ᠶᠢ ᠳᠠᠭᠤᠯᠠᠨ᠂ ᠰᠢᠨ᠎ᠡ ᠠᠶᠠᠨ ᠵᠠᠮ ᠢ ᠳᠠᠭᠤᠯᠠᠶ᠎ᠠ︾ ᠭᠡᠬᠦ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠶᠢ ᠪᠡᠯᠭᠡᠯᠡᠬᠦ ᠮᠠᠯᠴᠢᠨ ᠲᠠᠷᠢᠶᠠᠴᠢᠨ ᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ᠂ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠵᠡᠷᠭᠡ ᠰᠢᠷᠢᠰ ᠰᠣᠶᠣᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ ᠂ ᠣᠯᠠᠨ ᠨᠡᠶᠢᠲᠡ ᠶᠢᠨ ᠰᠣᠶᠣᠯ ᠤᠨ  ᠣᠶᠢᠯᠡᠴᠢᠯᠡᠭᠡᠨ ᠤ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠬᠤᠰᠢᠭᠤ ᠡᠮᠨᠡᠯᠭᠡ ᠶᠢᠨ ᠬᠤᠷᠢᠶ᠎ᠠ ᠬᠤᠶᠠᠳᠤᠭᠠᠷ ᠲᠡᠰ ᠤᠨ ᠬᠥᠬᠡ ᠲᠡᠰ ᠤᠨ ᠰᠢᠯᠭᠠᠷᠠᠭᠤᠯᠤᠯᠲᠠ ᠳᠤ ᠬᠢᠷᠢ ᠲᠡᠩᠴᠡᠵᠦ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠤᠳᠠᠯ ᠦᠭᠡᠢ ᠪᠠᠶᠢᠭᠤᠯᠤᠭᠳᠠᠵᠤ᠂ ᠤᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠦᠳᠲᠡᠷ ᠲᠦᠷᠭᠡᠨ ᠬᠥᠭᠵᠢᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤ ᠦᠶ᠎ᠡ ᠶᠢᠨ ᠴᠢᠨᠠᠷᠲᠠᠢ ᠠᠮᠵᠢᠯᠲᠠ ᠣᠯᠵᠤ᠂ ᠠᠶᠤᠯᠭᠦᠢ ᠦᠢᠯᠡᠳᠪᠦᠷᠢᠯᠡᠯ ᠤᠨ ᠪᠠᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠵᠦ᠂  ᠨᠡᠶᠢᠬᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠪᠠ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠤᠬᠠᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠠᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠰᠤᠷᠭᠠᠨ ᠬᠥᠮᠦᠵᠢᠯ ᠤᠨ ᠡᠭᠦᠳᠦᠨ ᠪᠠᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠪᠦᠯᠬᠦᠮᠳᠡᠯ ᠬᠥᠭᠵᠢᠯᠲᠡ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠢᠭᠤᠯᠤᠯᠲᠠ᠂ ᠲᠤᠭ᠎ᠠ ᠪᠦᠷᠢᠳᠬᠡᠯ ᠤᠨ ᠬᠢᠨᠠᠨ ᠪᠣᠳᠣᠯᠲᠠ᠂  ᠡᠮᠡᠭᠲᠡᠶᠢᠴᠦᠳ ᠬᠡᠦᠬᠡᠳ᠂ ᠨᠠᠰᠤᠲᠠᠢᠴᠤᠳ ᠤᠨ ᠨᠢᠭᠦᠯᠡᠰᠦᠩᠭᠦᠶ ᠦᠢᠯᠡᠰ᠂ ᠭᠠᠵᠠᠷ ᠬᠥᠳᠡᠯᠦᠯᠲᠡ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ ᠠᠬᠢᠯᠲᠠ ᠲᠠᠢ ᠪᠣᠯᠵᠠᠶ  ᠃    ᠨᠢᠭᠡ ᠵᠢᠯ ᠤᠨ ᠲᠣᠲᠣᠷ᠎ᠠ᠂ ᠪᠢᠳᠡ ᠳᠠᠰᠤᠷᠠᠯᠲᠠ ᠦᠭᠡᠢ ᠥᠪᠡᠷ ᠤᠨ ᠪᠡᠶ᠎ᠡ ᠶᠢᠨ ᠪᠦᠳᠦᠭᠡᠨ ᠪᠠᠶᠢᠭᠤᠯᠦᠯᠲᠠ ᠶᠢ ᠴᠢᠩᠭᠠᠳᠬᠠᠵᠤ᠂ ᠵᠠᠰᠠᠭ ᠤᠨ ᠣᠷᠳᠤᠨ ᠤ ᠪᠦᠳᠦᠬᠡᠮᠵᠢ ᠳᠡᠭᠡᠭᠰᠢᠯᠡᠪᠡ᠃    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ  ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠠᠢ᠂ ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠵᠠᠰᠠᠭ  ᠤᠨ ᠣᠷᠳᠣᠨ ᠤ ᠦᠵᠡᠯ ᠤᠬᠠᠮᠰᠠᠷ ᠤᠨ ᠬᠡᠯᠪᠡᠷᠢ ᠪᠣᠯᠤᠨ ᠨᠠᠮ ᠤᠨ ᠰᠤᠷᠲᠠᠯ  ᠂ ᠴᠢᠬᠡᠴᠢ ᠵᠠᠰᠠᠭ ᠤᠨ ᠪᠠᠢᠭᠤᠯᠤᠯᠲᠠ ᠶᠢ ᠴᠢᠩᠭᠠᠳᠬᠠᠪᠠ᠃ ︽ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ  ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠶᠢᠨ ᠰᠤᠳᠤᠯᠭᠠᠨ ᠪᠠ ᠡᠳ᠋ ᠤᠨ ᠵᠠᠰᠠᠭ  ᠤᠨ ᠲᠥᠰᠦᠪ ᠪᠠ ᠲᠥᠰᠦᠪ ᠤᠨ ᠭᠦᠢᠴᠡᠳᠬᠡᠯ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠢᠯᠠ ᠪᠣᠯᠭᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ  ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠭᠦᠢᠴᠡᠳᠬᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ  ᠨᠡᠶᠢᠬᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠩᠬᠠᠷᠤᠯ ᠲᠠᠯᠪᠢᠵᠤ  ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 113 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 75 ᠬᠤᠪᠢ  ᠰᠢᠢᠳᠪᠤᠷᠢᠯᠡᠵᠦ᠂ ᠰᠢᠢᠳᠪᠤᠷᠢᠯᠡᠵᠦ ᠳᠠᠭᠤᠰᠬᠠᠭᠰᠠᠨ ᠨᠤᠷᠮ᠎ᠠ ᠨᠢ 100 % ᠳᠤ ᠬᠦᠷᠴᠦ᠂ ᠬᠠᠨᠤᠮᠵᠢᠲᠠᠶ ᠨᠤᠷᠮ᠎ᠠ ᠨᠢ 95 % ᠠᠴᠠ ᠳᠡᠭᠡᠭᠰᠢ ᠪᠣᠯᠪᠠ᠃    ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠲᠤᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠢᠴᠠᠭᠠᠯᠲᠠ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠢᠴᠠᠭᠠᠯᠲᠠ᠂ ᠤᠯᠤᠰ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠤᠯᠤᠰ ᠲᠥᠷᠥ ᠶᠢᠨ ᠰᠢᠯᠭᠠᠯᠲᠠ ᠶᠢᠨ ᠡᠮᠦᠨ᠎ᠡ᠂ ᠪᠢᠳᠡ ᠵᠣᠭᠰᠣᠯᠲᠠ ᠪᠠᠨ ᠪᠠᠲᠤᠳᠬᠠᠵᠤ᠂ ᠢᠳᠡᠪᠬᠢᠲᠡᠢ ᠪᠠᠷ ᠴᠡᠭᠴᠡᠯᠡᠨ ᠥᠭᠡᠷᠡᠴᠢᠯᠡᠵᠡᠢ︔ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠨᠳᠦ ᠡᠭᠦᠷᠭᠡ ᠶᠢᠨ ᠡᠮᠦᠨ᠎ᠡ᠂ ᠪᠢᠳᠡ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠡᠯ᠎ᠡ ᠵᠦᠢᠯ ᠤᠨ ᠠᠵᠢᠯ ᠴᠥᠮ ᠬᠥᠮᠦᠰ ᠢ ᠵᠣᠷᠢᠭᠵᠢᠭᠤᠯᠤᠮ᠎ᠠ ᠠᠮᠵᠢᠯᠲᠠ ᠣᠯᠵᠠᠢ︕ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠢᠭᠤᠯᠤᠨ ᠪᠦᠲᠦᠭᠡᠬᠦ ᠬᠠᠷᠠᠯᠲᠠ ᠲᠡᠶᠢᠰᠢ ᠪᠠᠲᠤ ᠠᠯᠬᠤᠭᠰᠠᠨ  ᠶᠣᠮ︕    ᠲᠥᠯᠥᠭᠡᠯᠡᠭᠴᠢᠳ ᠡ︕ ᠮᠠᠨ ᠤ ᠣᠯᠤᠭᠰᠠᠨ ᠢᠯᠡᠳᠲᠡ ᠠᠮᠵᠢᠯᠲᠠ ᠪᠣᠯ ᠬᠢᠯᠪᠠᠷ ᠪᠤᠰᠤ ᠶᠤᠮ᠂ ᠡᠨᠡ ᠪᠣᠯ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠲᠤ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ᠂ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠤ ᠡᠮᠦᠨ᠎ᠡ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠮᠠᠨ ᠤ ᠬᠤᠰᠢᠭᠤᠨ ᠤ ᠠᠵᠤ ᠠᠬᠤᠶ ᠨᠡᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠶ᠂ ᠵᠢᠱᠢᠶᠡᠯᠡᠪᠡᠯ ᠠᠵᠤ‌ᠤᠶᠢᠯᠡᠳᠪᠤᠷᠢ  ᠶᠢᠨ ᠬᠥᠭᠵᠢᠯᠲᠡ ᠰᠢᠨ᠎ᠡ ᠨᠡᠮᠡᠭᠳᠡᠯ ᠳᠤᠲᠠᠭᠳᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠲᠣᠮᠣ ᠲᠥᠷᠥᠯ ᠵᠦᠢᠯ ᠴᠥᠭᠡᠨ ᠪᠠᠢᠨ᠎ᠠ︔ ᠣᠨᠴᠠ ᠵᠠᠷᠢᠮ ᠰᠠᠯᠠᠭ᠎ᠠ ᠮᠥᠴᠢᠷ ᠤᠨ ︽ᠡᠭᠦᠳᠡ ᠪᠠᠷ ᠣᠷᠣᠬᠤ ᠳᠤ ᠠᠮᠠᠷᠬᠠᠨ᠂ ᠴᠢᠷᠠᠶ ᠵᠢᠰᠦ ᠨᠢ ᠰᠠᠢᠬᠠᠨ᠂ ᠤᠴᠢᠷ ᠶᠠᠪᠤᠳᠠᠯ ᠢ ᠪᠦᠲᠦᠭᠡᠬᠦ ᠳᠤ ᠬᠦᠴᠢᠷ︾ ᠠᠰᠠᠭᠤᠳᠠᠯ ᠮᠥᠨ ᠬᠦ ᠣᠷᠣᠰᠢᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ  ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠢᠨ᠎ᠠ︔ ᠥᠷᠢ ᠥᠭᠴᠡᠭᠡ ᠶᠢ ᠠᠷᠢᠯᠭᠠᠬᠤ ᠪᠠ ᠬᠥᠭᠵᠢᠭᠦᠯᠬᠦ ᠶᠢᠨ ᠵᠥᠷᠢᠴᠡᠯ ᠮᠥᠨ ᠯᠠ ᠲᠤᠪᠤᠶᠢᠮ᠎ᠠ ᠪᠠᠢᠨ᠎ᠠ︔ ᠬᠡᠰᠡᠭ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠤᠨ ᠶᠠᠳᠠᠭᠤ ᠶᠢ ᠲᠡᠳᠬᠦᠬᠦ ᠠᠵᠢᠯ ᠨᠠᠷᠢᠨ ᠪᠢᠰᠢ᠂ ᠰᠤᠷᠲᠠᠯ ᠴᠢᠩᠭ᠎ᠠ ᠪᠢᠰᠢ᠂ ᠪᠣᠳᠠᠲᠠᠢ ᠪᠢᠰᠢ︔ ᠵᠠᠷᠢᠮ ᠺᠠᠳ᠋ᠷᠴᠤᠳ ᠠᠮᠵᠢᠯᠲᠠ ᠪᠠᠨ ᠬᠠᠷᠢᠭᠤ ᠮᠡᠳᠡᠭᠦᠯᠦᠭᠡᠳ ᠠᠯᠳᠠᠭ᠎ᠠ ᠪᠠᠨ ᠬᠠᠷᠢᠭᠤ ᠮᠡᠳᠡᠭᠦᠯᠵᠦ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢ ᠴᠢᠩᠭᠠᠳᠬᠠᠬᠤ ᠴᠢᠬᠤᠯᠠᠲᠠᠶ ᠪᠠᠢᠨ᠎ᠠ᠃ ᠡᠭᠦᠨ ᠳᠤ ᠪᠢᠳᠡ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠶ  ᠰᠢᠢᠳᠪᠤᠷᠢᠯᠡᠬᠦ ᠪᠣᠯᠤᠨ᠎ᠠ᠃ᠬᠤᠶᠠᠷ᠂2019 ᠣᠨ ᠤ ᠭᠤᠤᠯᠳᠠᠯᠭ᠎ᠠ ᠲᠠᠢ ᠠᠵᠢᠯ     2019 ᠣᠨ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠮᠥᠨᠴᠦ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠣᠯᠬᠤ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠠᠯᠤᠰ ᠬᠡᠳᠦ ᠶᠢᠨ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃     ᠶᠡᠷᠦᠩᠬᠡᠶ ᠰᠠᠢᠳ ᠯᠢ ᠺᠧ ᠴᠢᠶᠠᠩ ᠴᠠᠭᠠᠨ ᠰᠠᠷ᠎ᠠ ᠠᠴᠠ ᠡᠮᠦᠨᠡᠬᠡᠨ ᠮᠠᠨ ᠤ ᠬᠤᠰᠢᠭᠤᠨ ᠤ ᠰᠠᠨ ᠴᠠ ᠺᠸᠦ ᠰᠢᠶᠠᠩ ᠳᠤ ᠬᠦᠷᠴᠦ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠭᠠᠷᠭᠠᠪᠠ᠃ ᠪᠢᠳᠡ ᠶᠡᠷᠦᠩᠬᠡᠢ ᠰᠠᠢᠳ ᠯᠢ ᠺᠧ ᠴᠢᠶᠠᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠰ ᠤᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠦᠢᠯᠡᠰ ᠪᠣᠰᠬᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠵᠣᠷᠢᠭᠲᠠᠢ ᠪᠠᠷ ᠤᠷᠤᠭᠰᠢᠯᠠᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ‌ᠨᠡᠶᠢᠬᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃     ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ᠂ ᠡᠨᠡ ᠵᠢᠯ ᠤᠨ ᠬᠤᠰᠢᠭᠤᠨ ᠤ ᠵᠠᠰᠠᠭ  ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ᠎ᠠ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠠᠷ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ  ᠡᠭᠦᠳᠴᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠶ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠢᠮᠠᠭᠲᠠ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠯᠡᠭᠴᠢ ᠴᠢᠨᠠᠷᠲᠠᠢ ᠰᠠᠭᠤᠷᠢ ᠲᠠᠯᠪᠢᠵᠤ ᠥᠭᠭᠦᠨ᠎ᠡ᠃     ᠭᠤᠤᠯ ᠵᠢᠱᠢᠭᠰᠡᠨ ᠬᠠᠷᠠᠯᠲᠠ ᠪᠣᠯ᠄ ᠪᠥᠬᠦ ᠬᠤᠰᠢᠭᠤᠨ ᠤ  ᠤᠷᠤᠨ ᠨᠤᠲᠤᠭ ‍ᠤᠨ‌ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ 6.5 % ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10 % ᠣᠷᠴᠢᠮ ᠨᠡᠮᠡᠭᠳᠡᠭᠦᠯᠵᠦ᠂  ᠨᠡᠶᠢᠬᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 7 % ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7.5 % ᠪᠠ 8 % ᠣᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ  ᠶᠢ 4.5 % ᠶᠢᠨ ᠳᠣᠲᠣᠷ᠎ᠠ ᠬᠢᠵᠠᠭᠠᠷᠯᠠᠨ᠎ᠠ᠃ ᠳᠡᠭᠡᠳᠤ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠯ ‍ᠤᠨ‌ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃     ᠲᠡᠭᠡᠷᠡᠬᠢ ᠬᠠᠷᠠᠯᠲᠠ ᠶᠢᠨ ᠲᠤᠭᠤᠷᠢᠨ ᠳᠤ ᠭᠤᠤᠯᠳᠠᠭᠤ ᠲᠤᠤᠷᠠᠬᠢ ᠲᠤᠯᠤᠭᠠᠨ ᠲᠠᠯ᠎ᠠ ᠶᠢᠨ ᠠᠵᠢᠯ ᠢ ᠰᠠᠶᠢᠨ ᠠᠳᠬᠤᠬᠤ ᠪᠠᠷ ᠪᠠᠶᠢᠨ᠎ᠠ᠃︵ᠨᠢᠭᠡ︶ ᠪᠦᠬᠦ ᠬᠦᠴᠦᠨ ᠢᠶᠠᠨ ᠬᠠᠮᠳᠤᠳᠬᠠᠨ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠲᠠ ᠶᠢ ᠤᠯᠤᠨ᠎ᠠ᠃     ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ  ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠮᠣᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷ ᠤᠨ ᠰᠡᠷᠡᠮᠵᠢ ᠶᠢᠨ ᠰᠡᠳᠬᠢᠬᠦᠢ ᠶᠢ ᠪᠠᠷᠢᠮᠲᠠᠯᠠᠵᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ᠂ ᠠᠵᠤ ᠠᠬᠤᠢ᠂  ᠨᠡᠶᠢᠬᠡᠮ ᠵᠡᠷᠭᠡ ᠬᠦᠷᠢᠶᠡᠨ ᠳᠤ ᠣᠷᠣᠰᠢᠵᠤ  ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯ ᠲᠦᠭᠰᠢᠭᠦᠷᠢ ᠢᠯᠡᠷᠡᠬᠦ  ᠦᠶ᠎ᠡ ᠳᠤᠨᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ︽ᠡᠷᠡᠰ ᠪᠠᠲᠤ᠂ ᠡᠵᠡᠮᠳᠡᠵᠦ ᠪᠣᠯᠬᠤ᠂ ᠡᠮᠬᠢ ᠵᠢᠷᠤᠮ ᠲᠠᠢ᠂ ᠵᠣᠬᠢᠰᠲᠠᠶ  ᠪᠠᠶᠢᠬᠤ︾ ᠱᠠᠭᠠᠷᠳᠠᠯᠭ᠎ᠠ ᠶᠢ ᠬᠢᠨᠠᠮᠠᠭᠠᠶ  ᠨᠠᠶᠢᠳᠠᠪᠤᠷᠢᠵᠢᠭᠤᠯᠵᠤ᠂ ᠦᠯᠡᠳᠡᠭᠡᠯ ᠡᠳ᠋ ᠬᠥᠷᠥᠩᠭᠡ ᠶᠢ ᠴᠢᠯᠥᠭᠡᠲᠡᠶ  ᠪᠣᠯᠭᠠᠨ᠂ ᠭᠠᠵᠠᠷ ᠰᠢᠷᠣᠶ ᠶᠢ ᠵᠦᠶ ᠵᠣᠬᠢᠰᠲᠠᠶ ᠨᠡᠭᠡᠭᠡᠨ ᠠᠰᠢᠭᠯᠠᠵᠤ᠂  ᠭᠠᠢᠯᠢ ᠲᠠᠲᠠᠪᠤᠷᠢ ᠶᠢᠨ ᠳᠠᠯᠳᠠ ᠬᠦᠴᠦᠨ ᠢ‌‍ᠭᠦ᠋ᠢᠴᠡᠳ ᠠᠭᠤᠳᠠᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ ᠠᠷᠪᠠᠨ ᠥᠪᠴᠢ ᠪᠦᠷᠬᠦᠯᠲᠡ︾  ᠶᠢᠨ ᠬᠠᠮᠢᠶ᠎ᠠ ᠪᠦᠬᠦᠢ ᠲᠥᠷᠥᠯ ᠵᠦᠢᠯ ᠤᠨ  ᠥᠷᠢᠲᠦᠵᠦ ᠪᠠᠶᠢᠭ᠎ᠠ ᠪᠠᠷᠢᠯᠭ᠎ᠠ ᠶᠢᠨ ᠵᠣᠭᠤᠰ ᠢ ᠤᠷᠢᠳᠠᠪᠠᠷ ᠠᠷᠢᠯᠭᠠᠵᠤ᠂ ᠵᠢᠯ ᠤᠨ ᠳᠣᠲᠣᠷ᠎ᠠ ᠵᠠᠰᠠᠭ  ᠤᠨ ᠣᠷᠳᠣᠨ ᠤ ᠥᠷᠢ ᠥᠭᠴᠡᠭᠡ ᠶᠢ 3 . 25 ᠳ᠋ᠦᠩᠰᠢᠭᠤᠷ ᠲᠥᠭᠦᠷᠢᠭ ᠨᠠᠮᠳᠠᠭᠤᠯᠤᠨ᠎ᠠ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠭᠰᠠᠨ ᠰᠠᠭᠤᠷᠢᠨ ᠳᠡᠭᠡᠷ᠎ᠡ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ 10 % ᠪᠠᠷ ᠪᠠᠭᠠᠰᠬᠠᠨ᠎ᠠ᠃ ᠺᠠᠳ᠋ᠷ ᠠᠵᠢᠯᠲᠠᠨ ᠠᠵᠢᠯᠴᠢᠨ ᠤ ᠵᠢᠯ ᠤᠨ ᠠᠮᠠᠷᠠᠯᠲᠠ ᠶᠢᠨ ᠴᠢᠯᠥᠭᠡ ᠶᠢ ᠵᠦᠢ ᠵᠣᠬᠢᠰᠲᠠᠶ ᠲᠣᠬᠢᠷᠠᠭᠤᠯᠵᠤ᠂ ᠴᠠᠯᠢᠩ ᠲᠠᠢ ᠪᠠᠷ ᠠᠮᠠᠷᠠᠬᠤ ᠨᠥᠬᠦᠪᠥᠷᠢ ᠶᠢ ᠬᠦᠴᠦᠨ ᠦᠭᠡᠢ ᠪᠣᠯᠭᠠᠨ᠎ᠠ᠃ ᠵᠠᠰᠠᠭ ᠤᠨ ᠣᠷᠳᠣᠨ ᠤ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠶᠢ ᠪᠦᠬᠦ ᠲᠠᠯ᠎ᠠ ᠪᠠᠷ  ᠳᠦᠷᠢᠮᠵᠢᠭᠦᠯᠵᠦ᠂ ᠪᠡᠯᠡ ᠮᠥᠩᠭᠦ ᠶᠢᠨ ᠢᠷᠡᠯᠲᠡ ᠶᠢ ᠲᠣᠳᠣᠷᠬᠠᠶᠢᠯᠠᠭᠰᠠᠨ ᠦᠭᠡᠢ᠂ ᠡᠳ᠋ ᠤᠨ ᠵᠠᠰᠠᠭ  ᠤᠨ ᠲᠥᠰᠦᠪ ᠲᠤ ᠣᠷᠣᠭᠤᠯᠤᠭᠰᠠᠨ ᠦᠭᠡᠢ ᠵᠦᠢᠯᠡᠰ ᠢ ᠴᠥᠮ ᠬᠢᠨᠠᠨ ᠵᠥᠪᠰᠢᠶᠡᠷᠡᠵᠦ ᠪᠣᠯᠬᠤ ᠦᠭᠡᠢ᠃ ᠡᠷᠡᠭᠦᠯ ᠪᠤᠰᠤ ᠵᠢᠭᠡᠯᠡᠯᠭᠡ ᠶᠢ ᠬᠤᠷᠢᠶᠠᠬᠤ ᠪᠠ  ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠬᠥᠳᠡᠭᠡ ᠲᠣᠰᠬᠤᠨ ᠤ ᠥᠨᠳᠥᠷ ᠬᠦᠦ ᠲᠠᠢ ᠵᠢᠭᠡᠯᠡᠯᠭᠡ ᠲᠠᠯᠪᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠭᠠᠷᠭᠠᠬᠤ  ᠶᠢ ᠰᠡᠷᠭᠡᠶᠢᠯᠡᠨ᠎ᠡ᠃     ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠠᠢ᠂ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ ᠪᠠᠷ ᠭᠤᠣᠯᠳᠠᠭᠤᠯᠵᠤ᠂ ︽ᠲᠠᠪᠤᠨ ᠨᠢᠭᠡ ᠪᠦᠯᠦᠭ︾᠂ ︽ᠵᠢᠷᠭᠤᠭᠠᠨ ᠤᠨᠢᠨ ᠳᠡᠭᠡᠷ᠎ᠡ ᠨᠢ ᠪᠠᠶᠢᠯᠭᠠᠬᠤ︾ ᠱᠠᠭᠠᠷᠳᠠᠯᠭ᠎ᠠ ᠶᠢ ᠴᠢᠨᠠᠭᠰᠢᠳᠠ ᠨᠠᠷᠢᠨ ᠨᠠᠢᠳᠠᠪᠤᠷᠢᠵᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ  ᠨᠠᠶᠢᠲᠠᠪᠤᠷᠢᠵᠢᠭᠤᠯᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ‌‍ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠨ᠎ᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠵᠤ᠂ 4 ᠲᠠᠯ᠎ᠠ ᠶᠢᠨ 24 ᠵᠤᠷᠪᠤᠰ ᠰᠠᠨᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠦᠨᠡᠨᠬᠦ ᠰᠠᠶᠢᠲᠤᠷ ᠬᠢᠵᠦ᠂ ᠪᠣᠶ ᠪᠦᠬᠦᠢ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭ  ᠤᠨᠤᠪᠴᠢᠲᠠᠢ ᠪᠠᠷ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠳᠤᠲᠠᠭᠳᠠᠯ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ ᠨᠢᠭᠡ  ᠶᠢ ᠴᠣ᠋ ᠦᠯᠡᠳᠡᠭᠡᠯ ᠦᠭᠡᠢ ᠪᠠᠷᠢᠮᠵᠢᠶ᠎ᠠ ᠳᠤ ᠬᠦᠷᠭᠡᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠨᠠᠢᠳᠠᠪᠤᠷᠢᠵᠢᠭᠤᠯᠬᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠡᠮ ᠡᠮᠨᠡᠯᠭᠡ ᠶᠢᠨ ᠦᠨᠳᠦᠰᠦᠨ ᠬᠡᠷᠡᠭᠴᠡᠭᠡ ᠶᠢ ᠪᠠᠲᠤᠯᠠᠵᠤ᠂ ᠡᠪᠡᠳᠴᠢᠨ ᠠᠴᠠ ᠪᠣᠯᠵᠤ ᠶᠠᠳᠠᠭᠤᠷᠠᠵᠤ ᠲᠠᠬᠢᠨ ᠶᠠᠳᠠᠭᠤᠷᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠳᠠᠮᠵᠢᠨ ᠲᠤᠰᠠᠯᠠᠬᠤ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠬᠤ ᠨᠠᠰᠤᠨ ᠤ ᠰᠤᠷᠤᠭᠴᠢᠳ ᠤᠨ ᠶᠠᠳᠠᠭᠤ ᠬᠦᠴᠢᠷᠳᠡᠯ ᠠᠴᠠ ᠪᠣᠯᠵᠤ ᠰᠤᠷᠤᠯᠭ᠎ᠠ ᠪᠠᠨ ᠳᠣᠷᠭᠤᠨ ᠵᠣᠭᠰᠣᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠵᠤ᠂ ᠶᠠᠳᠠᠭᠤ ᠬᠦᠴᠢᠷᠳᠡᠯᠲᠡᠢ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠤᠯᠠᠨ ᠲᠦᠮᠡᠨ ᠤ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠨ᠎ᠠ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ  ᠪᠠᠶᠢᠰᠢᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠪᠠᠶᠢᠩᠭᠤ ᠰᠠᠭᠤᠬᠤ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠴᠡᠪᠡᠷᠯᠡᠨ ᠠᠷᠢᠯᠭᠠᠨ᠎ᠠ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ᠂ ᠨᠡᠭᠦᠵᠦ ᠭᠠᠷᠤᠭᠰᠠᠨ ᠣᠷᠣᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 5 ᠶᠠᠳᠠᠭᠤ ᠠᠴᠠ ᠠᠩᠭᠢᠵᠢᠷᠠᠭᠤᠯᠬᠤ ᠲᠠᠰᠤᠭ ᠪᠠ 20 ᠠᠯᠠᠰᠢᠨ ᠦᠬᠡᠷ᠂ ᠰᠠᠭᠠᠯᠢ ᠶᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ  ᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠤ᠂ ᠲᠥᠪᠬᠢᠨᠡᠭᠦᠯᠬᠦ ᠭᠠᠵᠠᠷ ᠤᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠠᠰᠠᠭᠤᠳᠠᠯ ᠢ ᠬᠦᠴᠦᠯᠡᠨ  ᠰᠢᠢᠳᠪᠤᠷᠢᠯᠡᠵᠦ᠂ ᠨᠡᠭᠦᠵᠦ ᠣᠷᠣᠬᠤ᠂ ᠬᠠᠭᠤᠴᠢᠨ ᠭᠡᠷ ᠪᠠᠢᠰᠢᠩ ᠢ ᠨᠤᠷᠠᠭᠠᠬᠤ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠳᠤ᠂ ᠨᠢᠭᠡᠳᠦᠭᠡᠷ ᠬᠤᠭᠤᠴᠠᠭᠠᠨ ᠤ 48 ᠲᠣᠰᠬᠤᠨ ᠤ ᠳᠡᠰ ᠤᠨ  ᠬᠡᠷᠡᠯᠡᠯᠭᠡ  ᠪᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠤᠷ ᠨᠡᠢᠯᠡᠭᠦᠯᠦᠨ ᠴᠠᠬᠢᠯᠭᠠᠨ ᠭᠠᠷᠭᠠᠬᠤ ᠶᠢ ᠠᠬᠢᠭᠤᠯᠵᠤ᠂ ᠬᠤᠶᠠᠳᠤᠭᠠᠷ ᠬᠤᠭᠤᠴᠠᠭᠠᠨ ᠤ 27 ᠲᠣᠰᠬᠤᠨ ᠤ ᠳᠡᠰ ᠤᠨ  ᠬᠡᠷᠡᠯᠡᠯᠭᠡ ᠪᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢ ᠬᠢᠨᠠᠨ ᠵᠥᠪᠰᠢᠶᠡᠷᠡᠬᠦ ᠶᠢᠨ ᠬᠠᠮᠲᠤ ᠠᠵᠢᠯ ᠡᠬᠢᠯᠡᠭᠦᠯᠦᠨ ᠪᠦᠲᠦᠭᠡᠨ ᠪᠠᠢᠭᠤᠯᠬᠤ ᠪᠠᠷ ᠴᠢᠷᠮᠠᠶᠢᠨ᠎ᠠ᠃ ︽ᠲᠣᠪᠶᠤᠭ ᠤᠨ ᠬᠡᠯᠪᠡᠷᠢ︾ ᠶᠢᠨ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠶᠢ ᠣᠨᠣᠪᠴᠢᠲᠠᠶ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠨ ᠣᠷᠣᠯᠭ᠎ᠠ ᠪᠠᠨ ᠨᠡᠮᠡᠭᠳᠡᠭᠦᠯᠬᠦ ᠴᠢᠳᠠᠪᠤᠷᠢ ᠶᠢ ᠦᠨᠡᠨᠬᠦ ᠴᠢᠩᠭᠠᠳᠬᠠᠨ᠎ᠠ᠃ ᠲᠠᠷᠢᠶᠠᠯᠠᠩ  ᠤᠨ ᠮᠠᠰᠢᠨ  ᠤ ᠲᠦᠷᠢᠶᠡᠰᠦᠯᠡᠯ᠂ ᠸᠤᠺᠢ ᠶᠢᠨ ᠦᠢᠯᠡᠳᠪᠦᠷᠢᠯᠡᠯ ᠤᠨ ᠬᠥᠷᠥᠰᠥ ᠰᠢᠷᠣᠢ ᠦᠭᠡᠢ ᠲᠠᠷᠢᠵᠤ ᠪᠤᠶᠢᠵᠢᠭᠤᠯᠬᠤ ᠪᠠ ᠨᠡᠷᠡᠨ ᠭᠡᠷᠡᠯ  ᠤᠨ ᠬᠦᠯᠡᠮᠵᠢ  ᠢ ᠥᠭᠡᠷᠡᠴᠢᠯᠡᠬᠦ ᠵᠡᠷᠭᠡ ᠠᠵᠤ ᠦᠢᠯᠡᠰ  ᠤᠨ ᠶᠠᠳᠠᠭᠤ  ᠶᠢ ᠲᠡᠳᠬᠦᠬᠦ ᠲᠥᠷᠥᠯ ᠵᠦᠢᠯ  ᠢ ᠲᠦᠷᠭᠡᠳᠬᠡᠨ ᠬᠡᠷᠡᠭᠵᠢᠭᠦᠯᠵᠦ ᠂ ᠲᠣᠰᠬᠤᠨ ᠤ  ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠵᠤ ᠲᠡᠵᠢᠭᠡᠬᠦ ᠦᠢᠯᠡᠰ ᠢ  ᠬᠥᠲᠥᠯᠥᠨ ᠵᠢᠯᠣᠭᠤᠳᠴᠤ  ᠪᠠᠶᠢᠭᠠᠳ ᠬᠡᠪᠴᠢᠶᠡᠵᠢᠭᠦᠯᠬᠦ᠂ ᠮᠠᠰᠢᠨᠴᠢᠯᠠᠬᠤ᠂ ᠰᠢᠨᠵᠢᠯᠡᠬᠦ ᠤᠬᠠᠭᠠᠨ ᠮᠡᠷᠭᠡᠵᠢᠭᠦᠯᠬᠦ᠂ ᠨᠠᠷᠠᠲᠤ ᠲᠡᠮᠳᠡᠭᠲᠦ ᠪᠣᠯᠭᠠᠬᠤ ᠲᠡᠶᠢᠰᠢ ᠬᠥᠭᠵᠢᠭᠦᠯᠦᠨ᠎ᠡ᠃ ᠤᠯᠤᠰ ᠠᠴᠠ ᠡᠯᠧᠺᠳ᠋ᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠡᠯᠧᠺᠳ᠋ᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠣᠰᠬᠤᠨ ᠤ ᠪᠦᠷᠬᠦᠴᠡ ᠶᠢᠨ ᠨᠣᠷᠮ᠎ᠠ  ᠶᠢ 70 % ᠳᠤ ᠬᠦᠷᠦᠭᠦᠯᠦᠨ᠎ᠡ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠠᠵᠢᠯ ᠣᠯᠭᠤᠯᠲᠠ ᠶᠢᠨ ᠬᠥᠳᠡᠯᠦᠩᠭᠦᠢ ᠳᠠᠩᠰᠠ ᠶᠢ ᠪᠠᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠦᠷᠭᠦᠯᠵᠢᠯᠡᠨ ᠨᠡᠭᠡᠭᠡᠨ ᠬᠥᠭᠵᠢᠭᠦᠯᠵᠦ ᠶᠠᠳᠠᠭᠤ ᠬᠦᠴᠢᠷᠳᠡᠯᠲᠡᠢ ᠡᠷᠦᠬᠡ ᠶᠢ ᠤᠷᠢᠨ ᠬᠡᠷᠡᠭᠯᠡᠵᠦ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠲᠤᠬᠠᠢ ᠶᠢᠨ ᠭᠠᠵᠠᠷ  ᠤᠶᠢᠷ᠎ᠠ ᠬᠠᠪᠢ ᠳᠤᠨᠢ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠮᠣᠳᠣ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠲᠥᠪᠯᠡᠷᠡᠭᠦᠯᠦᠭᠰᠡᠨ ᠵᠠᠰᠠᠭ ᠵᠠᠬᠢᠷᠭᠠᠨ ᠤ ᠲᠣᠰᠬᠤᠨ ᠲᠠᠶᠢᠰᠢ ᠭᠤᠣᠯᠳᠠᠯᠭ᠎ᠠ ᠲᠠᠢ ᠬᠡᠯᠪᠠᠶᠢᠯᠭᠡᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠳᠤ ᠠᠮᠢ ᠠᠬᠤᠢ ᠶᠢᠨ ᠬᠠᠮᠠᠭᠠᠯᠠᠯᠲᠠ ᠶᠢᠨ ᠳᠤᠮᠳᠠ ᠠᠴᠠ ᠨᠠᠩ ᠤᠯᠠᠨ ᠪᠣᠳᠠᠲᠤ ᠠᠰᠢᠭ ᠬᠦᠷᠲᠡᠭᠡᠨ᠎ᠡ᠃ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠳᠤ᠂ ᠵᠢᠭᠡᠯᠡᠯᠭᠡ ᠶᠢᠨ ᠬᠦᠰᠡᠯ ᠲᠠᠢ ᠶᠠᠳᠠᠭᠤ ᠬᠦᠴᠢᠷᠳᠡᠯᠲᠡᠶ ᠡᠷᠦᠬᠡ ᠳᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠦᠷᠭᠦᠯᠵᠢᠯᠡᠨ ᠣᠯᠭᠤᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠠᠵᠤ ᠦᠶ᠋ᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃  ᠨᠡᠶᠢᠬᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ ᠪᠠᠲᠤᠯᠠᠨ᠂  ᠨᠡᠶᠢᠬᠡᠮ ᠤᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠬᠤ ᠨᠥᠬᠦᠴᠡᠯ ᠳᠤ  ᠨᠡᠶᠢᠴᠡᠭᠰᠡᠨ ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠠᠪᠤᠷᠠᠬᠤ ᠶᠣᠰᠣᠲᠠᠶ ᠶᠢ ᠨᠢ ᠴᠥᠮ ᠠᠪᠤᠷᠠᠬᠤ︾ ᠶᠢ ᠪᠡᠶᠡᠯᠡᠭᠦᠯᠦᠨ᠎ᠡ᠃  ᠶᠠᠳᠠᠭᠤ ᠬᠦᠴᠢᠷᠳᠡᠯ ᠲᠠᠢ ᠲᠣᠰᠬᠤᠨ ᠤ ᠵᠠᠮ᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠨᠡᠶᠢᠯᠡᠮᠡᠯ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠤᠨ᠎ᠠ  ᠃ ᠶᠠᠳᠠᠭᠤ ᠶᠢ ᠲᠡᠳᠬᠦᠬᠦ ᠪᠠ ᠢᠲᠡᠭᠡᠯ ᠵᠣᠷᠢᠭ ᠢ ᠲᠡᠳᠬᠦᠬᠦ ᠣᠶᠣᠨ ᠤᠬᠠᠭᠠᠨ ᠢ ᠲᠡᠳᠬᠦᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠢᠭᠡ ᠪᠦᠯᠦᠭ ᠶᠠᠳᠠᠭᠤ ᠠᠴᠠ ᠠᠩᠭᠢᠵᠢᠷᠠᠭᠤᠯᠬᠤ ᠨᠡᠶᠢᠲᠡᠯᠢᠭ ᠵᠢᠱᠢᠶ᠎ᠡ ᠶᠢ ᠳ᠋ᠦᠩᠨᠡᠨ ᠳᠡᠯᠭᠡᠷᠡᠭᠦᠯᠵᠦ᠂ ᠤᠬᠠᠭᠤᠯᠤᠨ ᠬᠥᠬᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠪᠥᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠲᠦᠮᠡᠨ ᠠᠵᠤ ᠠᠬᠤᠢᠯᠠᠯ ᠲᠦᠮᠡᠨ ᠲᠣᠰᠬᠤᠨ ᠢ ᠬᠠᠪᠰᠤᠷᠬᠤ︾ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠥᠷᠥᠯ ᠤᠨ ᠠᠵᠤ ᠠᠬᠤᠢᠯᠠᠯ᠂ ᠨᠡᠢᠭᠡᠮ ᠤᠨ ᠪᠦᠯᠬᠦᠮ ᠪᠠ ᠬᠠᠶᠢᠷ᠎ᠠ ᠬᠠᠯᠠᠮᠵᠢ ᠶᠢᠨ ᠬᠥᠮᠦᠰ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠯᠴᠠᠭᠤᠯᠵᠤ᠂ ᠲᠤᠰᠬᠠᠢ ᠲᠥᠷᠥᠯ ᠢᠶᠠᠷ ᠶᠠᠳᠠᠭᠤ ᠶᠢ ᠲᠡᠳᠬᠦᠬᠦ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠪᠠ ᠨᠡᠶᠢᠭᠡᠮ ᠠᠴᠠ ᠶᠠᠳᠠᠭᠤ ᠶᠢ ᠲᠡᠳᠬᠦᠬᠦ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠶᠠᠳᠠᠭᠤ ᠶᠢ ᠲᠡᠳᠬᠦᠬᠦ ᠶᠡᠭᠡ ᠪᠠᠶᠢᠷᠢᠰᠢᠯ ᠢ ᠪᠦᠷᠢᠯᠳᠦᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠶᠠᠳᠠᠭᠤ ᠬᠦᠴᠢᠷᠳᠡᠯᠲᠡᠶ ᠬᠢᠯᠢ ᠬᠢᠵᠠᠭᠠᠷ ᠤᠨ ᠡᠷᠦᠬᠡ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠪᠤᠰᠤ ᠡᠷᠦᠬᠡ ᠶᠢᠨ ᠶᠠᠳᠠᠭᠤᠷᠠᠬᠤ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠳᠠᠬᠢᠨ ᠶᠠᠳᠠᠭᠤᠷᠠᠬᠤ ᠠᠴᠠ ᠵᠠᠶᠢᠯᠠᠰᠬᠢᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷ ᠨᠠᠩ ᠤᠯᠠᠨ ᠴᠠᠭ ᠪᠠ ᠣᠶᠣᠨ ᠴᠢᠳᠠᠯ ᠢᠶᠠᠨ ᠭᠠᠷᠭᠠᠵᠤ ᠦᠨᠳᠦᠰᠦᠨ ᠱᠠᠲᠤᠨ ᠳᠤ ᠭᠦᠨᠵᠡᠭᠡᠶᠢᠷᠡᠨ ᠠᠵᠢᠯ ᠢᠶᠠᠨ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠰᠬᠤᠨ᠂ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠮᠥᠷᠲᠡᠭᠡᠨ ᠪᠠᠰᠠ ᠥᠨᠳᠥᠷ ᠰᠠᠨᠠᠭ᠎ᠠ ᠡᠪᠦᠷᠯᠡᠬᠦ ᠦᠭᠡᠢ ᠪᠠᠶᠢᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠠᠴᠠᠭ᠎ᠠ ᠲᠣᠰᠬᠤᠨ ᠡᠷᠦᠬᠡ ᠳᠤ ᠬᠦᠷᠲᠡᠯ᠎ᠡ ᠣᠨᠣᠪᠴᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠦᠬᠦ ᠬᠤᠰᠢᠭᠤᠨ ᠤ  ᠳᠡᠭᠡᠳᠤ ᠳᠣᠣᠷᠠᠳᠤ ᠱᠠᠲᠤ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠳᠡᠭᠡᠳᠤ  ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ᠂ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠣᠯᠬᠤ ᠡᠷᠡᠰ ᠵᠣᠷᠢᠭ ᠢᠶᠠᠷ ᠪᠦᠬᠦ ᠬᠦᠴᠦᠨ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠯᠴᠠᠵᠤ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠴᠥᠭᠦᠷᠥᠮ ᠡᠪᠡᠰᠦ ᠪᠡᠯᠴᠢᠭᠡᠷ ᠢ ᠵᠠᠰᠠᠨ ᠰᠡᠷᠭᠦᠭᠡᠬᠦ ᠠᠵᠢᠯ ᠢ ᠨᠢᠭᠡᠳᠦᠯᠲᠡᠢ  ᠲᠥᠯᠥᠪᠵᠢᠭᠦᠯᠦᠨ ᠠᠬᠢᠭᠤᠯᠵᠤ᠂ ︽ᠣᠷᠣᠨ ᠵᠠᠢ᠂ ᠶᠡᠷᠦᠩᠬᠡᠢ ᠬᠡᠮᠵᠢᠶ᠎ᠡ᠂ ᠣᠷᠣᠬᠤ ᠵᠥᠪᠰᠢᠶᠡᠷᠡᠯ︾ ᠭᠡᠬᠦ ᠭᠤᠷᠪᠠᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠬᠢᠷᠲᠤᠯ ᠦᠭᠡᠢ ᠭᠡᠷ ᠣᠷᠣᠨ ᠢ ᠲᠦᠷᠭᠡᠳᠬᠡᠨ ᠪᠦᠲᠦᠭᠡᠨ ᠪᠠᠢᠭᠤᠯᠤᠨ᠎ᠠ᠃ ᠣᠷᠴᠢᠨ ᠠᠬᠤᠢ ᠶᠢᠨ ᠲᠣᠪᠦ᠋ᠮ᠎ᠠ ᠠᠰᠠᠭᠤᠳᠠᠯ ᠢ  ᠰᠢᠢᠳᠪᠤᠷᠢᠯᠡᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠲᠢᠶᠠᠨ ᠫᠢ ᠱᠠᠨ ᠬᠦᠷᠢᠶᠡᠯᠡᠩ ᠲᠣᠭᠤᠷᠢᠭ  ᠤᠨ ᠠᠵᠤ ᠠᠬᠤᠢᠯᠠᠯ ᠤᠨ ᠨᠢᠭᠲᠠ ᠪᠢᠲᠡᠭᠦᠮᠵᠢᠯᠡᠭᠰᠡᠨ ᠠᠭᠤᠷᠬᠠᠢ ᠶᠢᠨ ᠬᠠᠯᠠᠭᠤᠨ ᠵᠤᠤᠬ᠎ᠠ ᠶᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠰᠢᠨ᠎ᠡ ᠰᠢᠭᠠᠷᠤ ᠶᠢᠨ ᠲᠠᠯᠠᠪᠠᠢ ᠶᠢ ᠡᠨᠡ ᠵᠢᠯ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠬᠦᠷᠢᠶᠡᠯᠡᠩ ᠲᠣᠭᠤᠷᠢᠭ  ᠤᠨ ᠠᠵᠤ ᠠᠬᠤᠢᠯᠠᠯ ᠵᠢᠴᠢ ᠴᠢᠯᠠᠭᠤ ᠬᠡᠮᠬᠡᠯᠬᠦ ᠲᠠᠯᠠᠪᠤᠷ᠂ ᠱᠠᠩ ᠰᠢᠶᠠ ᠥᠷᠲᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠬᠦ ᠬᠡᠷᠡᠭᠲᠡᠢ︔  ᠪᠠᠶᠢᠭᠤᠯᠤᠯᠲᠠ ᠶᠢᠨ ᠣᠷᠣᠨ ᠤ ᠳᠣᠲᠣᠷᠠᠬᠢ 10 ᠲᠣᠨ ᠠᠭᠤᠷᠰᠢᠭᠤᠯᠬᠤ ᠵᠤᠤᠬ᠎ᠠ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ  ᠵᠤᠤᠬ᠎ᠠ ᠶᠢ  ᠲᠦᠢᠯᠪᠤᠷᠢᠲᠡᠢ ᠰᠢᠭᠰᠢᠭᠳᠡᠭᠦᠯᠵᠦ᠂ ᠠᠭᠠᠷ ᠤᠨ ᠶᠠᠰᠤ ᠴᠢᠨᠠᠷ  ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠨ᠎ᠠ︔ ᠭᠤᠤᠯᠳᠠᠯᠭ᠎ᠠ ᠲᠠᠢ ᠤᠰᠤ ᠬᠡᠷᠡᠭᠯᠡᠬᠦ ᠠᠵᠢᠯ ᠲᠥᠷᠥᠯ ᠪᠠ ᠤᠰᠤ ᠬᠡᠷᠡᠭᠯᠡᠬᠦ ᠲᠣᠮᠣ ᠡᠷᠦᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢᠨ ᠤᠰᠤᠨ ᠤ ᠬᠡᠮᠵᠢᠶ᠎ᠡ ᠭᠦᠢᠴᠡᠳ  ᠂  ᠤᠰᠤᠨ ᠤ ᠴᠢᠨᠠᠷ ᠰᠢᠯᠢᠳᠡᠭ ᠪᠠᠶᠢᠬᠤ ᠶᠢ ᠪᠠᠲᠤᠯᠠᠨ᠎ᠠ︔ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂  ᠭᠬᠢᠷ ᠤᠨ  ᠨᠠᠭᠤᠷ ᠢ ᠶᠡᠷᠦᠩᠬᠡᠶᠢᠯᠡᠨ ᠵᠠᠰᠠᠬᠤ ᠳᠡᠯᠡᠬᠡᠶ ᠶᠢᠨ ᠪᠠᠩᠬᠢ ᠶᠢᠨ ᠵᠢᠭᠡᠯᠡᠯᠭᠡ ᠶᠢᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠵᠤ᠂  ᠭᠬᠢᠷ ᠤᠨ  ᠨᠠᠭᠤᠷ ᠤᠨ ᠰᠠᠪᠠ ᠭᠠᠵᠠᠷ ᠤᠨ ᠵᠠᠰᠠᠯᠲᠠ ᠶᠢ ᠲᠦᠷᠭᠡᠳᠬᠡᠨ᠎ᠡ᠃ ᠬᠢᠮᠢ ᠶᠢᠨ ᠪᠣᠷᠳᠣᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢᠨ ᠬᠡᠮᠵᠢᠶ᠎ᠡ ᠶᠢ ᠪᠦᠲᠦᠮᠵᠢᠲᠡᠶ ᠪᠠᠭᠠᠰᠬᠠᠵᠤ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠶᠢ ᠪᠥᠬᠦ ᠬᠤᠰᠢᠭᠤ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠪᠣᠬᠢᠷᠲᠤᠯ ᠢ ᠪᠥᠬᠦ ᠲᠠᠯ᠎ᠠ ᠪᠠᠷ ᠵᠠᠰᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠪᠠ᠃ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠡᠭᠡᠵᠢᠩ ᠲᠢᠶᠠᠨᠵᠢᠨ  ᠤᠨ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠳᠠᠭᠠᠭᠤᠯᠤᠭᠴᠢ ᠠᠵᠤ ᠠᠬᠤᠢᠯᠠᠯ ᠢ ᠢᠳᠡᠪᠬᠢᠲᠡᠢ ᠳᠠᠲᠠᠨ ᠠᠪᠴᠢᠷᠠᠵᠤ ᠣᠨᠴᠠᠯᠢᠭᠲᠤ ᠠᠵᠤ ᠠᠬᠤᠢ ᠶᠢᠨ ᠣᠢ ᠶᠢ ᠬᠥᠭᠵᠢᠭᠦᠯᠵᠦ᠂ ᠪᠦᠬᠦ ᠵᠢᠯ ᠳᠤ 1 . 5 ᠲᠦᠮᠡᠨ ᠮᠦ ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ  ᠢ ᠲᠡᠩᠴᠡᠭᠦᠷᠢ ᠲᠠᠢ ᠪᠠᠶᠢᠯᠭᠠᠬᠤ ᠳᠦᠷᠢᠮ  ᠢ  ᠴᠢᠩᠭ᠎ᠠ ᠬᠡᠷᠡᠭᠵᠢᠭᠦᠯᠵᠦ᠂ ᠤᠢ ᠰᠢᠭᠤᠢ ᠨᠤᠲᠤᠭ ᠪᠡᠯᠴᠢᠭᠡᠷ  ᠤᠨ ᠭᠠᠯ  ᠤᠨ ᠠᠶᠤᠯ  ᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠣᠬᠢᠷᠲᠤᠯ ᠥᠬᠡᠶ ᠠᠭᠤᠷᠬᠠᠶ ᠶᠢᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠢ ᠰᠢᠭᠤᠶ ᠨᠤᠲᠤᠭ ᠪᠡᠯᠴᠢᠭᠡᠷ᠂ ᠭᠤᠤᠯ ᠤᠨ ᠵᠠᠮ ᠢ ᠡᠪᠳᠡᠵᠦ ᠬᠠᠤᠯᠢ ᠪᠤᠰᠤ ᠪᠠᠷ ᠡᠯᠡᠰᠦ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ  ᠳᠦᠷᠢᠮᠵᠢᠭᠦᠯᠦᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠭᠠᠵᠠᠷ ᠰᠢᠷᠣᠶ ᠶᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠭᠤᠷᠪᠠᠳᠤᠭᠠᠷ ᠤᠳᠠᠭᠠᠨ ᠤ ᠪᠦᠬᠦ ᠤᠯᠤᠰ  ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠶᠡᠬᠡᠪᠡᠷ ᠰᠠᠨᠠᠭᠠᠴᠢᠯᠠᠵᠤ᠂ ᠪᠣᠬᠢᠷᠲᠤᠯ ᠦᠭᠡᠢ ᠭᠡᠷ ᠪᠦᠯᠢ ᠶᠢ ᠡᠭᠦᠳᠦᠨ ᠪᠠᠢᠭᠤᠯᠬᠤ᠂ ᠪᠣᠬᠢᠷᠲᠤᠯ ᠦᠭᠡᠢ ᠰᠤᠷᠭᠠᠭᠤᠯᠢ ᠪᠠ ᠪᠣᠬᠢᠷᠲᠤᠯ ᠦᠭᠡᠢ ᠭᠠᠳᠠᠭᠰᠢ ᠭᠠᠷᠬᠤ ᠵᠡᠷᠭᠡ ᠠᠵᠢᠯᠯᠠᠭ᠎ᠠ ᠶᠢ ᠥᠷᠨᠢᠭᠦᠯᠵᠦ᠂  ᠨᠡᠶᠢᠬᠡᠮ ᠳᠠᠶᠠᠭᠠᠷ ᠲᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠳᠤ ᠢᠳᠡᠪᠬᠢᠲᠡᠶ ᠣᠷᠣᠯᠴᠠᠬᠤ  ᠰᠠᠶᠢᠨ ᠰᠠᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠦᠷᠢᠮ ᠢ ᠬᠢᠨᠠᠮᠠᠭᠠᠶ  ᠨᠠᠶᠢᠲᠠᠪᠤᠷᠢᠵᠢᠭᠤᠯᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ︽ᠭᠤᠷᠪᠠ ᠶᠢ ᠬᠠᠮᠲᠤ ᠳᠤᠨᠢ ᠬᠢᠬᠦ︾ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢ ᠲᠣᠭᠲᠠᠭᠠᠯ ᠢ ᠵᠥᠷᠢᠴᠡᠨ ᠠᠮᠢ ᠠᠬᠤᠶ ᠣᠷᠴᠢᠨ ᠠᠬᠤᠢ ᠶᠢᠨ ᠠᠰᠠᠭᠤᠳᠠᠯ ᠢ ᠡᠪᠳᠡᠭᠰᠡᠳ ᠢ ︽ᠥᠴᠦᠬᠡᠨ ᠴᠦ ᠠᠭᠤᠴᠢᠯᠠᠬᠤ ᠥᠬᠡᠶ︾ ᠪᠠᠶᠢᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠷᠡᠰ ᠰᠠᠬᠢᠨ ᠬᠠᠮᠠᠭᠠᠯᠠᠨ᠎ᠠ᠃︵ᠬᠤᠶᠠᠷ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ᠪᠥᠬᠦ ᠬᠤᠲᠠ ᠶᠢᠨ ︽ᠬᠤᠳᠠᠯᠳᠤᠭᠠᠴᠢᠨ ᠤᠷᠢᠵᠤ ᠪᠠᠯᠠ ᠲᠠᠲᠠᠬᠤ ᠵᠢᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ᠂ ᠵᠠᠮ ᠬᠠᠷᠢᠯᠴᠠᠭ᠎ᠠ ᠪᠠ ᠠᠵᠤ ᠦᠢᠯᠡᠰ ᠤᠨ ᠰᠠᠭᠤᠷᠢ ᠵᠡᠷᠭᠡ ᠳᠠᠪᠠᠭᠤᠯᠢᠭ ᠲᠤ ᠰᠠᠭᠤᠷᠢᠯᠠᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠢ ᠪᠠ ᠰᠢᠶᠦ᠋ᠩ ᠠᠨ ᠰᠢᠨ᠎ᠡ ᠲᠣᠭᠤᠷᠢᠭ᠂ ᠱᠠᠨᠳᠦ᠋ᠩ ᠤᠨ ᠯᠢᠨ ᠢ ᠵᠡᠷᠭᠡ ᠬᠥᠭᠵᠢᠭᠰᠡᠨ ᠭᠠᠵᠠᠷ ᠣᠷᠣᠨ ᠳᠤ ᠴᠢᠭᠯᠡᠭᠦᠯᠦᠨ᠂ ᠤᠯᠠᠮᠵᠢᠯᠠᠯᠲᠤ ᠳᠠᠪᠠᠭᠤᠯᠢᠭ ᠠᠵᠤ ᠦᠶ᠋ᠯᠡᠰ ᠢ ᠪᠤᠵᠠᠭᠠᠶᠢᠷᠠᠭᠤᠯᠬᠤ ᠪᠠ ᠰᠢᠨ᠎ᠡ ᠪᠠᠷ ᠬᠥᠭᠵᠢᠭᠰᠡᠨ ᠠᠵᠤ ᠦᠶ᠋ᠯᠡᠰ ᠢ ᠪᠤᠶᠢᠵᠢᠭᠤᠯᠬᠤ ᠶᠢᠨ ᠲᠣᠭᠤᠷᠢᠨ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠮᠣᠳᠣᠨ ᠮᠠᠲ᠋ᠧᠷᠢᠶᠠᠯ  ᠭᠡᠷ ᠤᠨ ᠬᠡᠷᠡᠭᠰᠡᠯ᠂ ᠲᠣᠨᠤᠭ ᠲᠥᠬᠦᠭᠡᠷᠦᠮᠵᠢ  ᠤᠶᠢᠯᠡᠳᠬᠦ᠂ ᠲᠣᠮᠣ ᠳ᠋ᠠᠶᠢᠲ᠋ᠠ ᠶᠢᠨ ᠬᠡᠷᠡᠭᠯᠡᠯᠲᠡ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠨᠠᠷᠢᠯᠢᠭ  ᠤᠨᠤᠪᠴᠢᠲᠠᠢ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂  ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ ᠶᠡᠭᠡ᠂ ᠠᠵᠤ ᠦᠢᠯᠡᠰ  ᠤᠨ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠪᠦᠬᠦ ᠬᠤᠰᠢᠭᠤᠨ  ᠤ ᠠᠵᠤ ᠠᠬᠤᠢ ᠶᠢ ᠳᠠᠶᠢᠴᠢᠯᠠᠬᠤ ᠴᠢᠨᠠᠷ ᠢᠶᠠᠷ ᠴᠢᠩᠭ᠎ᠠ ᠨᠢᠭᠡ ᠪᠦᠯᠦᠭ ᠲᠥᠷᠥᠯ ᠵᠦᠢᠯ  ᠢ ᠬᠦᠴᠦᠯᠡᠨ ᠣᠷᠣᠭᠤᠯᠵᠤ ᠢᠷᠡᠨ᠂ ᠡᠨᠡ ᠵᠢᠯ ᠲᠤ 5000 ᠲᠦᠮᠡᠨ ᠲᠥᠭᠦᠷᠢᠭ ᠠᠴᠠ ᠳᠡᠭᠡᠭᠰᠢ ᠠᠵᠤ ᠦᠢᠯᠡᠰ ᠟  ᠤᠨ ᠲᠥᠷᠥᠯ ᠵᠦᠢᠯ  ᠢ  30 ᠠᠴᠠ ᠢᠯᠡᠭᠦᠦ ᠰᠢᠨ᠎ᠡ ᠪᠠᠷ ᠡᠬᠢᠯᠡᠭᠦᠯᠬᠦ ᠪᠠᠷ ᠴᠢᠷᠮᠠᠶᠢᠨ᠎ᠠ᠃     ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯ ᠤᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠬᠠᠳᠠᠭᠠᠯᠠᠯᠲᠠ  ᠶᠢᠨ ᠬᠡᠮᠵᠢᠶ᠎ᠡ ᠶᠢ ᠰᠢᠯᠢᠳᠡᠭᠵᠢᠭᠦᠯᠬᠦ᠂ ᠨᠡᠮᠡᠭᠳᠡᠯ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠳᠠᠪᠠᠭᠤᠯᠢᠭ ᠲᠠᠯ᠎ᠠ ᠨᠢ ᠲᠣᠪᠦ᠋ᠮ᠎ᠠ᠂ ᠠᠵᠤ ᠦᠢᠯᠡᠰ ᠤᠨ ᠬᠡᠯᠬᠢᠶ᠎ᠡ ᠨᠢ ᠢᠵᠢ ᠪᠦᠷᠢᠳᠦᠭᠰᠡᠨ᠂ ᠴᠤᠭᠯᠠᠷᠠᠯ ᠤᠨ ᠮᠠᠶ᠋ᠢᠭ ᠢᠶᠠᠷ ᠬᠥᠭᠵᠢᠭᠰᠡᠨ ᠰᠢᠨ᠎ᠡ ᠮᠠᠶ᠋ᠢᠭ ᠤᠨ ᠠᠵᠤ  ᠤᠶᠢᠯᠡᠳᠪᠤᠷᠢ ᠶᠢᠨ ᠰᠢᠰᠲ᠋ᠧᠮ ᠢ ᠬᠦᠴᠦᠯᠡᠨ ᠪᠠᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠳᠤ᠂ ᠶᠡᠷᠦᠩᠬᠡᠶ ᠰᠠᠢᠳ ᠯᠢ ᠺᠧ ᠴᠢᠶᠠᠩ ᠤᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠺᠠᠶᠢᠲ᠋ᠠ ᠶᠢᠨ ᠬᠤᠶᠠᠳᠤᠭᠠᠷ ᠬᠤᠭᠤᠴᠠᠭᠠᠨ ᠤ ᠪᠠᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠲᠥᠮᠥᠰᠥ ᠶᠢ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠠᠵᠤ ᠦᠢᠯᠡᠰ ᠤᠨ ᠬᠦᠷᠢᠶᠡᠯᠡᠩ ᠳᠤ ᠨᠤᠲᠤᠭᠰᠢᠬᠤ ᠶᠢ ᠬᠦᠴᠦᠯᠡᠨ ᠠᠬᠢᠭᠤᠯᠪᠠ᠃ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ︽ᠬᠥᠳᠡᠭᠡ ᠠᠵᠤ ᠠᠬᠤᠢ ᠶᠢᠨ ᠨᠠᠷᠠᠲᠤ︾ ᠠᠵᠤ ᠠᠬᠤᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠬᠥ᠋ ᠰᠢᠶᠠᠩ ᠽᠦᠨ ᠲᠣᠰᠬᠤᠨ ᠤ ᠶᠠᠨ ᠮᠧᠢ ᠶᠢᠨ ᠠᠮᠢ ᠠᠬᠤᠢ ᠶᠢᠨ ᠲᠦᠷᠭᠡᠨ ᠭᠤᠯᠢᠷ ᠤᠨ ᠢᠳᠡᠭᠡᠨ ᠪᠠ ᠦᠨᠳᠦᠰᠦᠲᠡᠨ ᠤ ᠣᠨᠴᠠᠯᠢᠭᠲᠤ ᠮᠢᠬᠠᠨ ᠤ ᠪᠦᠲᠦᠭᠡᠭᠳᠡᠬᠦᠨ ᠢ ᠡᠳ᠋ᠰᠢᠭᠦᠯᠬᠦ ᠲᠥᠷᠥᠯ  ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠬᠤᠪᠢᠷᠠᠭᠤᠯᠤᠨ ᠥᠷᠲᠡᠭ ᠨᠡᠮᠡᠭᠳᠡᠭᠦᠯᠬᠦ ᠶᠢ ᠠᠬᠢᠭᠤᠯᠤᠨ᠎ᠠ᠃ ᠲᠡᠮᠦᠷᠯᠢᠭ ᠪᠣᠯᠪᠠᠰᠤᠷᠠᠭᠤᠯᠬᠤ ᠬᠢᠮᠢ ᠶᠢᠨ ᠠᠵᠤ  ᠤᠶᠢᠯᠡᠳᠪᠤᠷᠢ ᠶᠢᠨ ᠲᠠᠯ᠎ᠠ ᠪᠠᠷ᠂ ᠲᠢᠶᠠᠨ ᠫᠢ ᠱᠠᠨ ᠬᠦᠷᠢᠶᠡᠯᠡᠩ ᠲᠣᠭᠤᠷᠢᠭ  ᠤᠨ ᠠᠵᠤ ᠠᠬᠤᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠰᠢᠤᠢ ᠹᠤᠩ ᠤᠨ 50 ᠲᠦᠮᠡᠨ ᠲᠣᠨ ᠮᠧᠲ᠋ᠢᠯ ᠠᠯᠺᠣᠣᠯ ᠤᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠵᠦ᠂ ᠬᠠᠶᠠᠭᠳᠠᠮᠠᠯ ᠬᠡᠢ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠶᠡᠬᠡᠪᠡᠷ ᠬᠥᠭᠵᠢᠭᠦᠯᠵᠦ᠂ ᠰᠢᠤᠢ ᠹᠤᠩ ᠤᠨ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠦᠴᠦᠯᠡᠨ ᠪᠠᠢᠭᠤᠯᠤᠨ᠎ᠠ᠃ ᠮᠣᠳᠣᠨ ᠮᠠᠲ᠋ᠧᠷᠢᠶᠠᠯ  ᠤᠨ ᠭᠡᠷ ᠪᠦᠯᠢ ᠲᠤ ᠪᠠᠶᠢᠵᠤ᠂ ᠣᠷᠣᠰ ᠤᠨ ᠮᠣᠳᠣᠨ ᠮᠠᠲ᠋ᠧᠷᠢᠶᠠᠯ  ᠤᠨ  ᠡᠬᠢ ᠪᠠᠶᠠᠯᠢᠭ ᠢ ᠭᠦᠢᠴᠡᠳ ᠠᠰᠢᠭᠯᠠ᠂ ᠪᠠᠢᠭᠤᠯᠵᠤ  ᠪᠠᠶᠢᠭ᠎ᠠ 16 ᠠᠵᠤ ᠠᠬᠤᠢᠯᠠᠯ  ᠤᠨ  ᠪᠦᠬᠦᠨ ᠢ  ᠪᠦᠲᠦᠭᠡᠨ ᠪᠠᠢᠭᠤᠯᠤᠨ ᠠᠰᠢᠭᠯᠠᠯᠲᠠ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠮᠣᠳᠣᠨ ᠮᠠᠲ᠋ᠧᠷᠢᠶᠠᠯ ᠡᠳ᠋ᠰᠢᠭᠦᠯᠬᠦ ᠠᠵᠤ ᠠᠬᠤᠢᠯᠠᠯ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠠᠷᠠᠲᠤ ᠲᠡᠮᠳᠡᠭᠲᠦ ᠮᠣᠳᠣᠨ ᠮᠠᠲ᠋ᠧᠷᠢᠶᠠᠯ ᠡᠳ᠋ᠰᠢᠭᠦᠯᠬᠦ ᠠᠵᠤ ᠠᠬᠤᠢᠯᠠᠯ ᠵᠢᠴᠢ  ᠳᠡᠭᠡᠳᠤ ᠳᠣᠣᠷᠠᠳᠤ ᠤᠷᠤᠰᠬᠠᠯ ᠤᠨ ᠤᠶᠢᠯᠡᠳᠬᠦᠨ ᠤ ᠲᠥᠷᠥᠯ  ᠵᠦᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶᠡᠰᠦ ᠶᠢ ᠲᠠᠰᠤᠷᠠᠯᠲᠠ ᠥᠬᠡᠶ ᠤᠷᠲᠤᠳᠬᠠᠵᠤ᠂ ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠬᠦ ᠬᠡᠮᠵᠢᠶ᠎ᠡ᠂ ᠬᠤᠯᠪᠣᠭᠳᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠭᠡᠷᠡᠴᠢᠯᠡᠨ ᠱᠤᠭᠤᠬᠤ ᠠᠵᠤ ᠦᠢᠯᠡᠰ᠂ ᠹᠦᠩᠯᠦ ᠠᠪᠤᠷᠭᠤ ᠰᠦᠯᠢᠶᠣᠣ ᠪᠦᠲᠦᠭᠡᠭᠳᠡᠬᠦᠨ᠂ ᠲᠢᠶᠠᠨ ᠱᠦᠸᠧ ᠥᠭᠡᠷᠡᠴᠢᠯᠡᠨ ᠱᠤᠭᠤᠬᠤ ᠪᠣᠭᠤᠳᠠᠯ ᠵᠡᠷᠭᠡ 4 ᠭᠡᠷ᠎ᠡ ᠲᠣᠭᠲᠠᠭᠰᠠᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠰᠢᠶᠦ᠋ᠩ ᠠᠨ ᠤ ᠥᠭᠡᠷᠡᠴᠢᠯᠡᠨ ᠱᠤᠭᠤᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠢᠯᠠᠯ ᠢ ᠪᠠᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠶᠦ᠋ᠩ ᠠᠨ ᠤ ᠠᠵᠤ ᠦᠢᠯᠡᠰ ᠤᠨ ᠰᠢᠯᠵᠢᠯᠲᠡ ᠶᠢ ᠦᠷᠭᠦᠯᠵᠢᠯᠡᠨ ᠬᠦᠯᠢᠶᠡᠨ ᠠᠪᠴᠤ᠂ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠪᠡᠶᠡᠯᠡᠭᠦᠯᠦᠨ᠎ᠡ᠃ ᠰᠢᠨ᠎ᠡ ᠪᠠᠷ ᠪᠤᠢ ᠪᠣᠯᠤᠭᠰᠠᠨ ᠠᠵᠤ  ᠤᠶᠢᠯᠡᠰ ᠨᠢ  ᠴᠢᠯᠠᠭᠤᠯᠢᠭ ᠬᠥᠪᠥᠩ᠂ ᠰᠢᠶᠦ᠋ᠩ ᠱᠧᠩ ᠠᠭᠤᠷᠬᠠᠶ ᠶᠢᠨ ᠬᠥᠪᠥᠩ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠮᠢᠨ ᠶᠧ ᠢᠯᠴᠢ ᠬᠠᠯᠬᠠᠯᠠᠬᠤ ᠰᠢᠷᠬᠡᠭᠯᠢᠭ  ᠤᠶᠢᠯᠡᠳᠬᠦᠨ᠂ ᠱᠤᠸᠠᠢ ᠬᠠᠨ ᠶᠠᠺᠤ ᠶᠢᠨ ᠬᠠᠪᠲᠠᠰᠤᠨ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ ᠤᠨ ᠲᠥᠷᠥᠯ  ᠵᠦᠢᠯ  ᠤᠨ ᠠᠵᠢᠯ ᠢ ᠡᠬᠢᠯᠡᠭᠦᠯᠦᠨ ᠪᠦᠲᠦᠭᠡᠨ ᠪᠠᠢᠭᠤᠯᠵᠤ᠂ ᠰᠢᠶᠠ ᠵᠢᠶᠠᠩ ᠮᠥᠷᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠶᠤᠯᠲᠤ ᠬᠠᠶᠠᠭᠳᠠᠯ ᠢ  ᠰᠢᠢᠳᠪᠤᠷᠢᠯᠡᠬᠦ ᠲᠥᠷᠥᠯ  ᠵᠦᠢᠯ ᠢ ᠡᠬᠢᠯᠡᠨ ᠬᠡᠷᠡᠭᠵᠢᠭᠦᠯᠵᠦ᠂ ᠨᠡᠶᠢᠳᠡᠮ ᠬᠡᠷᠡᠭᠯᠡᠬᠦ ᠬᠡᠮᠵᠢᠭᠦᠷᠯᠢᠭ᠂ ᠵᠥᠩ ᠲᠦᠩ ᠮᠠᠶ᠋ᠢᠭ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠣᠨᠤᠭ ᠲᠥᠬᠦᠭᠡᠷᠦᠮᠵᠢ  ᠤᠶᠢᠯᠡᠳᠬᠦ ᠲᠥᠷᠥᠯ ᠵᠦᠶ᠋ᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ᠂ ᠠᠯᠢ᠂ ᠬᠤᠸᠠ ᠸᠧᠶ ᠲᠣᠮᠣ ᠳ᠋ᠠᠶᠢᠲ᠋ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠰᠢᠨ᠎ᠡ ᠡᠨᠧᠷᠭᠢ ᠤᠰᠤᠲᠥ᠋ᠷᠥᠭᠴᠢ ᠶᠢᠨ ᠡᠨᠧᠷᠭᠢ ᠶᠢ ᠠᠵᠤ ᠦᠢᠯᠡᠰᠵᠢᠭᠦᠯᠦᠨ ᠬᠡᠷᠡᠭᠯᠡᠬᠦ ᠰᠠᠭᠤᠷᠢᠨ ᠭᠠᠵᠠᠷ ᠤᠨ ᠲᠥᠷᠥᠯ  ᠵᠦᠢᠯ ᠢ ᠨᠢᠭᠡᠳᠦᠭᠡᠷ ᠬᠤᠭᠤᠴᠠᠭᠠᠨ ᠳᠤ ᠪᠠᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠢᠯᠴᠢ ᠴᠠᠬᠢᠯᠭᠠᠨ ᠤ ᠬᠤᠯᠪᠣᠭᠠᠯᠠᠨ  ᠤᠶᠢᠯᠡᠳᠪᠤᠷᠢᠯᠡᠬᠦ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠭᠠᠵᠠᠷ ᠰᠣᠩᠭᠤᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠵᠡᠷᠭᠡᠪᠡᠷ ᠰᠠᠶᠢᠲᠤᠷ ᠬᠢᠨ᠎ᠡ᠃     ᠬᠦᠷᠢᠶᠡᠯᠡᠩ ᠲᠣᠭᠤᠷᠢᠭ  ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠦᠷᠢᠶᠡᠯᠡᠩ ᠲᠣᠭᠤᠷᠢᠭ  ᠤᠨ ᠵᠠᠮ᠂ ᠤᠰᠤ ᠴᠠᠬᠢᠯᠭᠠᠨ ᠳᠤᠯᠠᠭᠠᠯᠠᠭ᠎ᠠ᠂ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠢᠶᠠᠨ ᠫᠢ ᠱᠠᠨ ᠬᠦᠷᠢᠶᠡᠯᠡᠩ ᠲᠣᠭᠤᠷᠢᠭ ᠤᠨ ᠰᠢᠨ᠎ᠡ ᠪᠠᠷ ᠪᠠᠢᠭᠤᠯᠤᠭᠰᠠᠨ ᠡᠮᠦᠨ᠎ᠡ ᠵᠠᠮ᠂ ᠲᠢᠶᠠᠨ ᠫᠢ ᠱᠠᠨ ᠤ ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠲᠤᠰᠬᠠᠢ ᠱᠤᠭᠤᠮ ᠤᠨ ᠠᠵᠢᠯ  ᠢ ᠡᠬᠢᠯᠡᠭᠦᠯᠦᠨ ᠪᠦᠲᠦᠭᠡᠨ ᠪᠠᠢᠭᠤᠯᠤᠨ᠎ᠠ︔ ︽P P P︾ ᠵᠠᠭᠪᠤᠷ ᠢᠶᠠᠷ ᠳᠠᠮᠵᠢᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠠᠵᠤ ᠦᠢᠯᠡᠰ ᠤᠨ ᠬᠦᠷᠢᠶᠡᠯᠡᠩ ᠤᠨ ᠥᠷᠭᠡᠳᠬᠡᠬᠦ ᠠᠵᠢᠯ ᠢ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠵᠠᠮ  ᠢ 13 ᠵᠤᠷᠪᠤᠰ᠂ 23 ᠺᠢᠯᠣᠮᠧᠲᠷ ᠰᠢᠨ᠎ᠡ ᠪᠠᠷ ᠪᠠᠢᠭᠤᠯᠤᠨ᠎ᠠ︔ ᠲᠢᠶᠠᠨ ᠫᠢ ᠱᠠᠨ ᠬᠦᠷᠢᠶᠡᠯᠡᠩ ᠲᠣᠭᠤᠷᠢᠭ᠂ ᠰᠢᠶᠦ᠋ᠩ ᠠᠨ ᠤ ᠠᠷᠠᠰᠤ ᠰᠢᠷᠢ ᠶᠢᠨ ᠠᠵᠤ ᠦᠢᠯᠡᠰ ᠤᠨ ᠬᠦᠷᠢᠶᠡᠯᠡᠩ ᠳᠤ ᠲᠤᠰ ᠲᠤᠰ 110 ᠺᠢᠯᠣᠸᠠᠲ ᠤᠨ ᠬᠦᠴᠦᠳᠡᠯ ᠥᠭᠡᠷᠡᠴᠢᠯᠡᠬᠦ 1 ᠴᠠᠬᠢᠯᠭᠠᠨ ᠥᠷᠲᠡᠭᠡ ᠪᠠᠢᠭᠤᠯᠵᠤ ᠂ ᠬᠤᠸᠠᠩ ᠫᠢᠩ ᠨᠢᠭᠡᠳᠦᠭᠡᠷ᠂ ᠬᠤᠶᠠᠳᠤᠭᠠᠷ ᠱᠤᠭᠤᠮ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ  ᠤᠨ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠠᠵᠠᠷ ᠰᠢᠷᠣᠶ ᠬᠡᠷᠡᠭᠯᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠦᠬᠦᠰᠢᠷᠡᠮᠡᠯ ᠠᠵᠤ ᠠᠬᠤᠢᠯᠠᠯ︾ ᠢ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠨᠠᠩ ᠣᠯᠠᠨ ᠭᠠᠵᠠᠷ ᠰᠢᠷᠣᠶ ᠶᠢᠨ ᠭᠦᠢᠴᠡᠳᠬᠡᠯ ᠲᠤᠭ᠎ᠠ ᠶᠢ ᠭᠠᠷᠭᠠᠵᠤ᠂  ᠳᠠᠲᠠᠨ ᠠᠪᠴᠢᠷᠠᠬᠤ ᠲᠥᠷᠥᠯ  ᠵᠦᠢᠯ ᠤᠨ ᠴᠠᠭ ᠲᠤᠬᠠᠶ ᠳᠤᠨᠢ  ᠬᠥᠭᠵᠢᠬᠦ ᠶᠢ ᠪᠡᠶᠡᠯᠡᠭᠦᠯᠦᠨ᠎ᠡ᠃     ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠨ ᠪᠤᠵᠠᠭᠠᠢᠷᠠᠬᠤ ᠶᠢ ᠲᠦᠯᠬᠢᠨ ᠠᠬᠢᠭᠤᠯᠤᠨ᠎ᠠ᠃ ᠬᠤᠳᠠᠯᠳᠤᠭ᠎ᠠ ᠠᠷᠠᠯᠵᠢᠶᠠᠨ ᠤ ᠦᠢᠯᠡᠰ ᠤᠨ ᠲᠠᠯ᠎ᠠ ᠪᠠᠷ᠂  ᠲᠤᠭ ᠤᠨ ᠠᠭᠤᠯᠠ ᠪᠠᠯᠭᠠᠰᠤ ᠸᠢᠺᠲᠣᠷᠢ ᠬᠤᠳᠠᠯᠳᠤᠭᠠᠨ ᠤ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠡᠬᠢᠯᠡᠭᠦᠯᠵᠦ᠂ ᠬᠤᠳᠠᠯᠳᠤᠭ᠎ᠠ ᠠᠷᠠᠯᠵᠢᠶᠠᠨ ᠤ ᠦᠢᠯᠡᠰ ᠤᠨ ᠴᠡᠴᠡᠭᠯᠡᠨ ᠬᠥᠭᠵᠢᠬᠦ ᠶᠢ ᠳᠠᠢᠴᠢᠯᠠᠵᠠᠢ᠃ ᠰᠢᠨ᠎ᠡ ᠲᠣᠭᠤᠷᠢᠭ ᠨᠢ ᠪᠡᠭᠡᠵᠢᠩ ᠠᠴᠠ ᠬᠥᠬᠡᠬᠤᠲᠠ ᠬᠦᠷᠬᠦ  ᠳᠡᠭᠡᠳᠤ ᠬᠤᠷᠳᠤᠴᠠᠲᠤ ᠲᠡᠮᠦᠷ ᠵᠠᠮ ᠨᠡᠪᠲᠡᠷᠡᠭᠰᠡᠨ ᠠᠴᠠ ᠪᠣᠯᠤᠭᠰᠠᠨ ᠬᠥᠮᠦᠨ ᠤ ᠤᠷᠤᠰᠬᠠᠯ᠂ ᠪᠠᠷᠠᠭ᠎ᠠ ᠶᠢᠨ ᠭᠦᠢᠯᠭᠡᠭᠡ᠂ ᠮᠡᠳᠡᠭᠡ ᠵᠠᠩᠭᠢ ᠶᠢᠨ ᠤᠷᠤᠰᠬᠠᠯ᠂ ᠪᠠᠯᠠ ᠮᠥᠩᠭᠦᠨ ᠤ ᠤᠷᠤᠰᠬᠠᠯ ᠳᠤ ᠲᠦᠰᠢᠭᠯᠡᠨ᠂ ᠪᠥᠬᠦ ᠤᠯᠤᠰ ᠠᠴᠠ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠪᠦᠯᠦᠭᠯᠡᠯ ᠢ ᠴᠢᠩᠭ᠎ᠠ ᠠᠩᠬᠠᠷᠴᠤ᠂ ᠡᠯ᠎ᠡ ᠲᠥᠷᠥᠯ ᠤᠨ ᠲᠤᠰᠬᠠᠶ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠦᠨ᠂ ᠰᠢᠨ᠎ᠡ ᠲᠣᠭᠤᠷᠢᠭ  ᠤᠨ ᠠᠷᠠᠯᠵᠢᠶ᠎ᠠ ᠬᠤᠳᠠᠯᠳᠤᠭᠠᠨ ᠤ ᠴᠣᠭᠴᠠ ᠶᠢᠨ ᠡᠵᠡᠩᠨᠡᠯᠲᠡ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠪᠠᠷᠠᠭ᠎ᠠ  ᠭᠦᠢᠯᠭᠡᠭᠡᠨ ᠟ ᠤ  ᠦᠢᠯᠡᠰ ᠨᠢ  ᠲᠢᠶᠡᠨ ᠶᠤᠸᠠᠨ ᠤᠯᠠᠨ ᠤᠯᠤᠰ  ᠤᠨ  ᠪᠠᠷᠠᠭ᠎ᠠ  ᠭᠦᠢᠯᠭᠡᠭᠡᠨ ᠤ  ᠲᠥᠷᠥᠯ ᠵᠦᠢᠯ  ᠢ  ᠵᠢᠯ ᠟ ᠤᠨ  ᠳᠣᠲᠣᠷ᠎ᠠ ᠪᠠᠢᠭᠤᠯᠤᠨ ᠪᠦᠲᠦᠭᠡᠬᠦ᠂  ᠶᠢᠨ ᠳ᠋ᠦᠨ ᠪᠠᠷᠠᠭ᠎ᠠ  ᠭᠦᠢᠯᠭᠡᠭᠡᠨ  ᠤ ᠲᠥᠷᠥᠯ ᠵᠦᠢᠯ  ᠢ  ᠲᠦᠷᠭᠡᠬᠡᠨ ᠡᠬᠢᠯᠡᠵᠦ ᠬᠡᠷᠡᠭᠯᠡᠬᠦ  ᠢ  ᠲᠦᠯᠬᠢᠨ ᠠᠬᠢᠭᠤᠯᠵᠤ᠂  ᠸᠠᠨ ᠶᠢ ᠪᠠᠷᠠᠭ᠎ᠠ  ᠭᠦᠢᠯᠭᠡᠭᠡᠨ  ᠤ  ᠬᠦᠷᠢᠶᠡᠯᠡᠩ ᠲᠣᠭᠤᠷᠢᠭ ᠟ ᠤᠨ ᠬᠤᠳᠠᠯᠳᠤᠭᠠᠴᠢᠨ ᠤᠷᠢᠬᠤ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠣᠷᠣᠨ ᠪᠦᠰᠡ ᠶᠢᠨ ᠴᠢᠨᠠᠷᠲᠠᠢ ᠪᠠᠷᠠᠭ᠎ᠠ  ᠭᠦᠢᠯᠭᠡᠭᠡᠨ  ᠤ ᠲᠥᠪᠯᠡᠷᠡᠭᠦᠯᠦᠨ ᠲᠠᠷᠬᠠᠭᠠᠬᠤ ᠰᠠᠭᠤᠷᠢᠨ ᠭᠠᠵᠠᠷ  ᠢ ᠬᠦᠴᠦᠯᠡᠨ ᠪᠠᠢᠭᠤᠯᠤᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠵᠢᠩ ᠳ᠋ᠦᠩ᠂ ᠰᠦ ᠨᠢᠩ᠂ ᠲᠠᠷᠢᠶᠠᠴᠢᠳ ᠲᠤ ᠠᠰᠢᠭ ᠬᠦᠷᠲᠡᠭᠡᠬᠦ ᠰᠦᠯᠵᠢᠶ᠎ᠡ ᠵᠡᠷᠭᠡ ᠡᠯᠧᠺᠳ᠋ᠷᠣᠨ ᠬᠤᠳᠠᠯᠳᠤᠭᠠᠨ ᠤ ᠲᠠᠪᠴᠠᠩ ᠲᠠᠢ ᠭᠦᠨᠵᠡᠭᠡᠶ  ᠤᠶᠠᠯᠳᠤᠭᠤᠯᠵᠤ᠂ ᠲᠤᠰ ᠭᠠᠵᠠᠷ ᠤᠨ ᠡᠯᠧᠺᠳ᠋ᠷᠣᠨ ᠬᠤᠳᠠᠯᠳᠤᠭᠠᠨ ᠤ ᠨᠠᠷᠠᠲᠤ ᠲᠡᠮᠳᠡᠭᠲᠦ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠨᠴᠠᠯᠢᠭᠲᠤ ᠳᠠᠪᠠᠭᠤᠯᠢᠭ  ᠤᠶᠢᠯᠡᠳᠬᠦᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠭᠤᠰᠤᠯᠳᠤᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃ ᠵᠢᠭᠤᠯᠴᠢᠯᠠᠯ ᠤᠨ  ᠤᠶᠢᠯᠡᠰ ᠢ ᠡᠬᠢᠯᠡᠭᠦᠯᠵᠦ᠂ ᠳᠡᠭᠡᠳᠤ ᠬᠤᠷᠳᠤᠴᠠᠲᠤ ᠲᠡᠮᠦᠷ ᠵᠠᠮ ᠤᠨ ᠥᠷᠲᠡᠭᠡ ᠲᠣᠭᠤᠷᠢᠭ  ᠤᠨ ᠵᠤᠭᠠᠴᠠᠭᠰᠠᠳ ᠢ ᠬᠦᠯᠢᠶᠡᠨ ᠠᠪᠬᠤ ᠲᠥᠪ᠂ ᠴᠠᠬᠠᠷ  ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠰᠠᠷᠭᠠᠶ ᠴᠡᠴᠡᠭ  ᠤᠨ ᠬᠤᠸᠠᠷᠠᠨ ᠤ ᠵᠢᠷᠤᠭᠴᠢᠳ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ ᠵᠡᠷᠭᠡ ᠭᠤᠤᠯᠳᠠᠯᠭ᠎ᠠ ᠲᠠᠢ ᠲᠥᠷᠥᠯ ᠵᠦᠶ᠋ᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠵᠤ᠂ ᠪᠥᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠢ ᠢᠳᠡᠪᠬᠢᠲᠡᠶ ᠬᠥᠭᠵᠢᠭᠦᠯᠵᠦ᠂ ᠲᠠᠷᠢᠶᠠᠯᠠᠩ ︵ᠮᠠᠯ ᠠᠵᠤ ᠠᠬᠤᠶ︶ ᠤᠨ ᠭᠡᠷ ᠪᠦᠯᠢ ᠶᠢᠨ ᠵᠤᠭ᠎ᠠ ᠴᠡᠩᠭᠡᠯ᠂ ᠣᠨᠴᠠᠯᠢᠭᠲᠤ ᠠᠷᠠᠳ ᠤᠨ ᠣᠷᠣᠨ ᠰᠠᠭᠤᠴᠠ ᠵᠡᠷᠭᠡ ᠲᠥᠷᠥᠯ  ᠵᠦᠢᠯ ᠢ ᠨᠡᠭᠡᠭᠡᠨ ᠬᠥᠭᠵᠢᠭᠦᠯᠵᠦ᠂ ᠵᠢᠶᠡᠨ ᠲᠠᠨ᠂  ᠱᠢ ᠡᠯ ᠵᠸᠤ᠂ ᠳ᠋ᠦᠩ ᠡᠨᠡ ᠭᠤᠤᠯ ᠢ ᠬᠥᠳᠡᠭᠡ ᠲᠣᠰᠬᠤᠨ ᠤ ᠲᠠᠷᠢᠶᠠᠯᠠᠩ ︵ᠮᠠᠯ ᠠᠵᠤ ᠠᠬᠤᠶ︶ ᠤᠨ ᠭᠡᠷ ᠪᠦᠯᠢ ᠶᠢᠨ ᠵᠤᠭ᠎ᠠ ᠴᠡᠩᠭᠡᠯ ᠤᠨ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠠᠢᠭᠤᠯᠬᠤ ᠪᠠᠷ ᠬᠦᠴᠦᠯᠡᠨ ᠴᠢᠷᠮᠠᠶᠢᠨ᠎ᠠ᠃ ︵ᠭᠤᠷᠪᠠ︶ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃     ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠶ ᠶᠢ ᠬᠡᠪᠴᠢᠶᠡᠵᠢᠭᠦᠯᠬᠦ᠂ ᠮᠠᠰᠢᠨᠴᠢᠯᠠᠬᠤ᠂ ᠰᠢᠨᠵᠢᠯᠡᠬᠦ  ᠤᠬᠠᠭᠠᠨᠴᠢᠯᠠᠬᠤ᠂ ᠨᠠᠷᠠᠲᠤ ᠲᠡᠮᠳᠡᠭᠵᠢᠭᠦᠯᠬᠦ ᠶᠢ ᠭᠦᠨᠵᠡᠭᠡᠶ ᠠᠬᠢᠭᠤᠯᠤᠨ᠎ᠠ᠃ ᠶᠡᠷᠦᠩᠬᠡᠶ ᠰᠠᠢᠳ ᠯᠢ ᠺᠧ ᠴᠢᠶᠠᠩ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ  ᠨᠠᠶᠢᠲᠠᠪᠤᠷᠢᠵᠢᠭᠤᠯᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠥᠮᠥᠰᠥ ᠶᠢᠨ ᠰᠢᠰᠲ᠋ᠧᠮ ᠤᠨ ᠪᠠᠢᠭᠤᠯᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠰᠠᠨ ᠴᠠ ᠺᠸᠦ ᠲᠦᠮᠡᠨ ᠮᠤ᠋ ᠶᠢᠨ ᠥᠨᠳᠥᠷ ᠪᠠᠷᠢᠮᠵᠢᠶᠠᠲᠤ ᠲᠥᠮᠥᠰᠥ ᠶᠢᠨ ᠵᠢᠱᠢᠶ᠎ᠡ ᠦᠵᠡᠭᠦᠯᠦᠨ ᠲᠠᠷᠢᠬᠤ ᠰᠠᠭᠤᠷᠢᠨ ᠭᠠᠵᠠᠷ ᠢ ᠡᠬᠢᠯᠡᠨ ᠪᠠᠢᠭᠤᠯᠵᠤ᠂ ᠬᠡᠪᠴᠢᠶᠡᠵᠢᠭᠦᠯᠦᠨ ᠲᠠᠷᠢᠬᠤ ᠶᠢ ᠳᠠᠶᠢᠴᠢᠯᠠᠨ᠎ᠠ᠃ ᠲᠥᠮᠥᠰᠥ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠲᠥᠮᠥᠰᠥ ᠶᠢ ᠡᠳ᠋ᠰᠢᠭᠦᠯᠬᠦ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠵᠤ᠂ ᠤᠯᠠᠭᠠᠨᠴᠠᠪ ᠬᠤᠲᠠ ᠶᠢᠨ ︽ᠳᠤᠮᠳᠠᠳᠤ ᠤᠯᠤᠰ ᠤᠨ ᠲᠥᠮᠥᠰᠥ ᠶᠢᠨ ᠬᠤᠲᠠ︾ ᠶᠢᠨ ᠨᠠᠷᠠᠲᠤ ᠲᠡᠮᠳᠡᠭᠲᠦ ᠶᠢᠨ ᠤᠶᠢᠯᠡᠳᠤᠯ ᠢ ᠠᠰᠢᠭᠯᠠ᠂ ᠲᠠᠷᠢᠮᠠᠯ ᠬᠡᠪᠴᠢᠶᠡᠵᠢᠭᠰᠡᠨ᠂ ᠡᠳ᠋ᠰᠢᠭᠦᠯᠵᠦ ᠪᠦᠯᠦᠭᠵᠢᠭᠰᠡᠨ᠂ ᠡᠵᠡᠩᠨᠡᠨ ᠪᠣᠷᠣᠯᠠᠭᠤᠯᠬᠤ  ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠯ ᠶᠢ ᠪᠠᠢᠭᠤᠯᠤᠨ᠎ᠠ᠃  ᠡᠤ ᠽᠤ᠋᠂ ᠸᠧ ᠵᠢᠶ ᠱᠧᠩ ᠵᠡᠷᠭᠡ ᠲᠥᠷᠥᠯ ᠵᠦᠶ᠋ᠯ ᠤᠨ ᠪᠦᠲᠦᠭᠡᠨ ᠪᠠᠢᠭᠤᠯᠤᠯᠲᠠ ᠶᠢ ᠰᠠᠶᠢᠲᠤᠷ ᠠᠳᠬᠤᠵᠤ᠂ ᠲᠦᠮᠡᠨ ᠮᠤ᠋ ᠢᠳᠡᠰᠢᠨ ᠨᠣᠭᠤᠭ᠎ᠠ ᠶᠢᠨ ᠬᠦᠷᠢᠶᠡᠯᠡᠩ ᠲᠣᠭᠤᠷᠢᠭ  ᠢ ᠲᠥᠪᠯᠡᠷᠡᠭᠦᠯᠦᠨ ᠪᠠᠢᠭᠤᠯᠵᠤ᠂ ᠭᠬᠢᠷ ᠤᠨ ᠨᠠᠭᠤᠷ ᠤᠨ ᠬᠤᠢᠲᠤ ᠡᠷᠭᠢ ᠶᠢᠨ ᠪᠡᠯᠡᠳᠭᠡᠮᠵᠢᠳᠤ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠦᠰᠡ ᠶᠢ ᠪᠤᠢ ᠪᠣᠯᠭᠠᠵᠤ᠂ ᠪᠣᠬᠢᠷᠲᠤᠯ ᠥᠬᠡᠶ ᠣᠷᠭᠠᠨᠢᠭ ᠵᠢᠮᠢᠰ ᠢᠳᠡᠰᠢᠨ ᠨᠣᠭᠤᠭ᠎ᠠ ᠶᠢᠨ ᠨᠠᠷᠠᠲᠤ ᠲᠡᠮᠳᠡᠭᠲᠦ ᠶᠢ  ᠪᠠᠶᠢᠭᠤᠯᠤᠨ᠎ᠠ᠃ ᠠᠯᠠᠰᠢᠨ ᠦᠬᠡᠷ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠣᠯᠤᠨ  ᠮᠧᠩ ᠶᠤᠸᠠᠨ ᠤᠯᠠᠭᠠᠨ ᠠᠯᠠᠰᠢᠨ ᠦᠬᠡᠷ  ᠤᠨ  ᠲᠥᠷᠥᠯ ᠵᠦᠢᠯ  ᠵᠡᠷᠭᠡ  4  ᠲᠦᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ᠂  ᠳ᠋ᠠ ᠪᠸᠢ ᠨᠥᠩ  ᠦᠷ᠎ᠡ ᠶᠢᠨ ᠭᠠᠭ᠋ᠠᠢ  ᠶᠢᠨ ᠦᠷᠡᠵᠢᠭᠦᠯᠦᠨ ᠪᠤᠶᠢᠵᠢᠭᠤᠯᠬᠤ ᠲᠠᠯᠠᠪᠠᠢ ᠪᠣᠯᠤᠨ  ᠮᠧᠩ ᠲᠢᠶᠠᠨ ᠷᠠᠶᠢᠨ ᠰᠠᠭᠠᠯᠢ ᠶᠢᠨ ᠬᠤᠨᠢ ᠶᠢᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠶᠡᠬᠡᠪᠡᠷ ᠲᠦᠯᠬᠢᠨ  ᠠᠬᠢᠭᠤᠯᠵᠤ᠂ ᠵᠢᠯ ᠤᠨ ᠭᠠᠳᠠᠭᠰᠢ ᠭᠠᠷᠭᠠᠬᠤ ᠠᠯᠠᠰᠢᠨ ᠦᠬᠡᠷ᠂ ᠭᠠᠭ᠋ᠠᠢ᠂ ᠠᠯᠠᠰᠢᠨ ᠬᠤᠨᠢ ᠲᠤᠰ ᠲᠤᠰ 2 .5 ᠲᠦᠮᠡᠨ ᠲᠣᠯᠣᠭᠠᠢ᠂ 30 ᠲᠦᠮᠡᠨ ᠠᠮᠠ᠂ 70 ᠲᠦᠮᠡᠨ ᠲᠣᠯᠣᠭᠠᠢ ᠳᠤ ᠬᠥᠷᠥᠬᠦᠯᠥᠨ᠎ᠡ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ  ᠤᠶᠢᠯᠡᠳᠬᠦᠨ ᠤ ᠭᠡᠷᠡᠴᠢᠯᠡᠯ ᠤᠨ ᠡᠷᠴᠢᠮ ᠢ ᠴᠢᠩᠭᠠᠷᠠᠭᠤᠯᠵᠤ᠂ ᠵᠢᠯ ᠤᠨ ᠳᠣᠲᠣᠷ᠎ᠠ 6 ᠪᠦᠲᠦᠭᠡᠭᠳᠡᠬᠦᠨ ᠢ ᠰᠢᠨ᠎ᠡ ᠪᠠᠷ ᠭᠡᠷᠡᠴᠢᠯᠡᠨ᠎ᠡ᠃ ᠰᠢᠩ ᠮᠤᠩ ᠶᠤᠸᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠨᠠᠷᠢᠯᠢᠭ ᠡᠳ᠋ᠰᠢᠭᠦᠯᠬᠦ ᠲᠥᠷᠥᠯ  ᠵᠦᠢᠯ ᠢ ᠪᠠᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠩ ᠣᠯᠠᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠵᠤ᠂  ᠨᠡᠶᠢᠰᠯᠡᠯ ᠳᠤ  ᠤᠶᠢᠯᠡᠴᠢᠯᠡᠬᠦ ︽ᠲᠥᠪ  ᠤᠨ ᠲᠣᠭᠤᠭᠠᠨ ᠭᠡᠷ︾  ᠤᠨ ᠪᠠᠶᠢᠭᠤᠯᠤᠯᠲᠠ ᠶᠢ ᠠᠬᠢᠭᠤᠯᠤᠨ᠎ᠠ᠃    ᠲᠤᠰᠬᠤᠨ ᠤ ᠠᠷᠠᠳ ᠤᠨ ᠣᠷᠤᠨ ᠰᠠᠭᠤᠴᠠ ᠶᠢ ᠰᠠᠶᠢᠵᠢᠷᠠᠭᠤᠯᠤᠨ᠎ᠠ᠃ ᠲᠤᠰᠬᠤᠨ ᠤ ᠠᠷᠠᠳ ᠤᠨ ᠣᠷᠤᠨ ᠰᠠᠭᠤᠴᠠ ᠶᠢ ᠰᠠᠶᠢᠵᠢᠷᠠᠭᠤᠯᠬᠤ ᠭᠤᠷᠪᠠᠨ ᠵᠢᠯ ᠤᠨ ᠬᠦᠲᠡᠯᠭᠡᠭᠡᠨ ᠢ ᠭᠦᠨᠵᠡᠭᠡᠢ ᠬᠡᠷᠡᠭᠵᠢᠭᠦᠯᠵᠦ᠂ ᠲᠤᠰᠬᠤᠨ ᠤ ᠪᠠᠶᠢᠷᠢᠯᠠᠭᠤᠯᠤᠯ ᠵᠤᠬᠢᠴᠠᠭᠤᠯᠬᠤ ᠶᠢ ᠨᠢᠭᠡᠳᠦᠯᠲᠠᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠲᠤᠰᠬᠤᠨ ᠤ ᠲᠦᠯᠦᠪᠯᠡᠭᠡ ᠶᠢᠨ ᠤᠷᠤᠨ ᠲᠤᠭ᠎ᠠ ᠶᠢ ᠪᠦᠬᠦᠨ ᠢ ᠭᠦᠢᠴᠡᠳᠬᠡᠨ᠎ᠡ᠃ ᠲᠤᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠪᠠ ᠨᠠᠶᠢᠲᠡ ᠶᠢᠨ ᠲᠦᠬᠦᠭᠡᠷᠦᠮᠵᠢ  ᠤᠷᠲᠤ ᠬᠤᠭᠤᠴᠠᠭ᠎ᠠ ᠲᠠᠢ ᠬᠠᠮᠢᠶᠠᠷᠠᠬᠤ ᠠᠵᠢᠯᠯᠠᠭ᠎ᠠ ᠶᠢ  ᠪᠡᠶᠡᠯᠡᠭᠦᠯᠵᠦ᠂ ᠬᠤᠭ ᠨᠤᠪᠰᠢ ᠲᠡᠭᠡᠭᠡᠪᠦᠷᠢᠯᠡᠬᠦ ᠦᠷᠲᠡᠭᠡ᠂ ᠴᠤᠭᠯᠠᠭᠤᠯᠬᠤ ᠭᠠᠵᠠᠷ᠂ ᠬᠤᠭ ᠨᠤᠪᠰᠢ ᠶᠢᠨ ᠬᠠᠶᠢᠷᠴᠠᠭ ᠢ ᠵᠤᠬᠢᠰᠲᠠᠢ ᠬᠤᠪᠢᠶᠡᠷᠢᠯᠠᠵᠤ《ᠵᠤᠷᠯᠤᠩ ᠤᠨ ᠬᠤᠪᠢᠰᠬᠠᠯ 》ᠭᠦᠨᠵᠡᠭᠡᠢ ᠲᠦᠯᠬᠢᠨ ᠠᠬᠢᠭᠤᠯᠵᠤ᠂ ᠰᠤᠮᠤ ᠪᠠᠯᠭᠠᠰᠤᠨ ᠤ ᠵᠠᠰᠠᠭ ᠤᠨ ᠣᠷᠳᠤᠨ ᠤ ᠪᠠᠶᠢᠭ᠎ᠠ ᠭᠠᠵᠠᠷ ᠲᠤ ᠠᠳᠠᠭ ᠲᠠᠭᠠᠨ ᠨᠢᠭᠡ ᠤᠰᠤ ᠪᠠᠷ ᠵᠠᠶᠢᠯᠠᠬᠤ ᠵᠤᠷᠯᠤᠩ ᠰᠢᠨ᠎ᠡ ᠶᠢ ᠪᠠᠶᠢᠭᠤᠯᠵᠤ᠂ ᠴᠡᠪᠡᠷ ᠵᠤᠷᠯᠤᠩ ᠤᠨ  ᠨᠤᠷᠮ᠎ᠠ ᠶᠢ 80% ᠠᠴᠠ ᠲᠡᠭᠡᠭᠰᠢ ᠬᠦᠷᠭᠡᠨ᠎ᠡ᠃ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭ᠎ᠠ ᠶᠢ  ᠲᠡᠰ ᠳᠠᠷᠠᠭ᠎ᠠ‌‍ᠲ᠋ᠠᠢ ᠶᠠᠪᠤᠭᠳᠠᠭᠤᠯᠵᠤ᠂  ᠭᠬᠢᠷ  ᠤᠨ ᠨᠠᠭᠤᠷ ᠤᠨ ᠣᠶᠢᠷ᠎ᠠ ᠬᠠᠪᠢ ᠶᠢᠨ ᠰᠤᠮᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭ᠎ᠠ ᠶᠢ ᠬᠠᠮᠤᠭ ᠤᠨ ᠲᠦᠷᠦᠭᠦᠨ ᠳᠤ ᠬᠢᠨ᠎ᠡ᠃ ᠦᠪᠡᠷᠲᠡᠭᠡᠨ ᠵᠠᠰᠠᠬᠤ ᠣᠷᠤᠨ ᠤ《 ᠳᠦᠷᠪᠡᠨ‌‍ᠰᠠᠶᠢᠨ ᠲᠤᠰᠬᠤᠨ ᠤ ᠵᠠᠮ 》ᠪᠠᠶᠢᠭᠤᠯᠵᠤ ᠵᠢᠱᠢᠶ᠎ᠡ ᠦᠵᠡᠭᠦᠯᠬᠦ ᠬᠤᠰᠢᠭᠤ ᠪᠤᠯᠭᠠᠬᠤ ᠪᠠᠷ ᠬᠠᠷᠠᠯᠲᠠ ᠪᠤᠯᠭᠠᠵᠤ᠂ ᠲᠤᠰᠬᠤᠨ ᠤ ᠵᠠᠮ᠂ ᠵᠠᠯᠭᠠᠭᠰᠠᠨ ᠬᠤᠯᠪᠤᠭᠠᠰᠤ ᠶᠢᠨ ᠬᠠᠲᠠᠭᠤᠷᠠᠬᠤ ᠶᠢ ᠦᠯᠡᠳᠡᠭᠡᠨ ᠬᠠᠳᠠᠭᠠᠯᠠᠵᠤ᠂ ᠰᠤᠮᠤ  ᠪᠠᠯᠭᠠᠰᠤᠨ ᠤ ᠵᠠᠰᠠᠭ ᠤᠨ ᠣᠷᠳᠤᠨ ᠤ ᠪᠠᠶᠢᠭ᠎ᠠ ᠭᠠᠵᠠᠷ  ᠪᠤᠯᠤᠨ ᠲᠤᠰᠬᠤᠨ ᠤ ᠬᠤᠭᠤᠷᠤᠨᠳᠤᠬᠢ ᠨᠡᠶᠢᠲᠡ ᠶᠢᠨ ᠮᠠᠰᠢᠨ ᠨᠡᠪᠲᠡᠷᠡᠬᠦ ᠶᠢ ᠲᠦᠯᠬᠢᠨ ᠠᠬᠢᠭᠤᠯᠤᠨ᠎ᠠ᠃《ᠶᠠᠳᠠᠭᠤᠴᠤᠳ ᠤᠨ ᠬᠤᠳᠠᠬᠠᠨ》ᠪᠠ ᠡᠯ᠎ᠡ ᠬᠤᠪᠢ ᠶᠢᠨ ᠡᠮᠬᠢ ᠵᠠᠮᠪᠠᠷᠠᠭ᠎ᠠ ᠦᠭᠡᠢ ᠪᠠᠶᠢᠭᠤᠯᠤᠭᠰᠠᠨ ᠤᠷᠤᠨ ᠰᠠᠭᠤᠴᠠ ᠶᠢᠨ ᠭᠠᠵᠠᠷ ᠢ ᠵᠠᠰᠠᠨ ᠴᠡᠪᠡᠷᠯᠡᠬᠦ ᠬᠦᠴᠦ ᠪᠠᠨ ᠦᠷᠬᠦᠯᠵᠢᠯᠡᠨ ᠶᠡᠬᠡᠳᠬᠡᠨ᠎ᠡ᠃ ᠲᠤᠰᠬᠤᠨ ᠤ ᠨᠤᠭᠤᠭᠠᠷᠠᠭᠤᠯᠬᠤ ᠶᠢ ᠨᠢᠭᠡᠳᠦᠯᠲᠠᠢ ᠶᠠᠪᠤᠭᠳᠠᠭᠤᠯᠵᠤ᠂ ᠵᠢᠯ ᠤᠨ ᠲᠤᠳᠤᠷ᠎ᠠ 30 ᠵᠠᠰᠠᠭ ᠵᠠᠬᠢᠷᠭᠠᠨ ᠤ ᠲᠤᠰᠬᠤᠨ ᠢ ᠨᠤᠭᠤᠭᠠᠷᠠᠭᠤᠯᠬᠤ ᠱᠠᠭᠠᠷᠳᠠᠯᠭ᠎ᠠ ᠳᠤ ᠬᠦᠷᠭᠡᠭᠡᠵᠦ᠂ ᠲᠤᠰᠬᠤᠨ ᠤ ᠨᠤᠭᠤᠭᠠᠷᠠᠭᠤᠯᠬᠤ ᠨᠤᠷᠮ᠎ᠠ ᠶᠢ 30% ᠪᠤᠯᠭᠠᠨ᠎ᠠ᠃      ᠲᠤᠰᠬᠤᠨ ᠤ  ᠬᠥᠭᠵᠢᠯᠲᠡ ᠶᠢᠨ ᠡᠷᠴᠢ ᠬᠦᠴᠦᠨ ᠢ  ᠰᠡᠷᠭᠦᠭᠡᠨ᠎ᠡ  ᠃ ᠲᠤᠰᠬᠤᠨ ᠤ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠯᠡᠲᠡ ᠪᠠᠷ ᠭᠤᠤᠯ ᠪᠤᠯᠭᠠᠭᠰᠠᠨ ᠲᠤᠰᠬᠤᠨ ᠤ ᠶᠡᠷᠤᠩᠬᠢ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠵᠦ᠂ 《ᠭᠤᠷᠪᠠᠨ ᠡᠷᠬᠡ ᠶᠢ ᠰᠠᠯᠭᠠᠬᠤ》ᠲᠤᠭᠲᠠᠭᠠᠯ ᠢ ᠲᠡᠭᠦᠯᠲᠡᠷᠵᠢᠭᠦᠯᠵᠦ᠂ ᠭᠠᠵᠠᠷ ᠰᠢᠷᠤᠢ ᠶᠢᠨ ᠡᠷᠭᠢᠯᠲᠡ᠂  ᠬᠠᠮᠲᠤᠷᠠᠨ ᠠᠵᠢᠯᠯᠠᠬᠤ ᠬᠡᠪ ᠵᠠᠬᠠᠪᠤᠷ ᠢ ᠰᠢᠨᠡᠳᠬᠡᠵᠦ᠂ ᠭᠠᠵᠠᠷ ᠰᠢᠷᠦᠢ ᠶᠢᠨ ᠬᠡᠪᠴᠢᠶᠡᠵᠢᠭᠰᠡᠨ ᠠᠵᠤ ᠠᠬᠤᠢ ᠶᠢ ᠲᠤᠭᠲᠠᠭᠤᠨ ᠲᠦᠯᠬᠢᠵᠤ᠂ ᠲᠠᠷᠢᠶᠠᠴᠢᠨ ᠮᠠᠯᠴᠢᠨ ᠤ ᠬᠠᠮᠲᠤᠷᠠᠨ ᠠᠵᠢᠯᠯᠠᠬᠤ ᠬᠤᠷᠰᠢᠶ᠎ᠠ᠂ ᠲᠠᠷᠢᠶ᠎ᠠ ᠮᠠᠯᠵᠢᠯ ᠤᠨ ᠲᠠᠯᠠᠪᠠᠢ ᠵᠠᠷᠭᠡ ᠰᠢᠨ᠎ᠡ ᠮᠠᠶ᠋ᠢᠭ ᠤᠨ ᠡᠵᠡᠩᠨᠡᠬᠦ ᠭᠤᠤᠯ ᠴᠤᠭᠴᠠ ᠶᠢ ᠬᠦᠮᠦᠵᠢᠭᠦᠯᠵᠦ᠂ ᠲᠠᠷᠢᠶᠠᠯᠡᠩ ᠮᠠᠯᠵᠢᠬᠤ ᠠᠵᠤ ᠠᠬᠤᠢ ᠶᠢᠨ ᠦᠷ᠎ᠡ ᠠᠰᠢᠭ ᠤᠨ ᠴᠢᠨᠰᠠᠭ᠎ᠠ ᠶᠢ ᠲᠡᠭᠡᠭᠰᠢᠯᠡᠭᠦᠯᠦᠨ᠎ᠡ᠃ ︵ᠳᠥᠷᠪᠡ︶ ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠦᠴᠦᠨ ᠢᠶᠠᠨ ᠦᠷᠭᠦᠯᠵᠢᠯᠡᠨ ᠨᠡᠮᠡᠭᠳᠡᠭᠦᠯᠦᠨ᠎ᠡ᠃      ᠭᠤᠣᠯ ᠬᠦᠷᠢᠶ᠎ᠡ ᠴᠠᠷᠠᠭᠠᠨ ᠤ ᠦᠭᠡᠷᠡᠴᠢᠯᠡᠯᠲᠡ ᠶᠢ ᠴᠢᠩᠭ᠎ᠠ ᠠᠳᠬᠤᠨ᠎ᠠ᠃ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠵᠤ᠂ ᠭᠤᠣᠯ ᠬᠦᠷᠢᠶ᠎ᠡ ᠴᠠᠷᠠᠭᠠᠨ ᠤ ᠲᠤᠭᠲᠠᠯᠴᠠᠭ᠎ᠠ ᠶᠢᠨ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠶᠢᠯᠡᠰ ᠤᠨ ᠪᠠᠶᠢᠭᠤᠯᠭ᠎ᠠ ᠶᠢ ᠲᠦᠷᠦᠯ ᠬᠤᠪᠢᠶᠠᠬᠤ ᠦᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨᠴᠢ᠂ ᠲᠦᠷᠢᠮᠵᠢᠭᠰᠡᠨ᠂ ᠦᠷ᠎ᠡ ᠪᠦᠲᠦᠮᠵᠢ ᠲᠠᠢ ᠪᠠᠶᠢᠭᠤᠯᠤᠮᠵᠢ ᠡᠭᠦᠷᠭᠡ ᠴᠢᠳᠠᠪᠬᠢ ᠶᠢᠨ ᠰᠢᠰᠲ᠋ᠧᠮ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠷᠬᠡ ᠶᠢ ᠲᠤᠳᠤᠳᠬᠠᠬᠤ ᠠᠵᠢᠯ ᠢ ᠰᠠᠶᠢᠨ ᠬᠢᠵᠦ᠂ ᠡᠬᠢ ᠪᠠᠶᠠᠯᠢᠭ ᠢ ᠡᠳ᠋ ᠬᠦᠷᠦᠩᠭᠡ᠂ ᠡᠳ᠋ ᠬᠦᠷᠦᠩᠭᠡ ᠶᠢ ᠬᠤᠪᠢᠴᠠᠭ᠎ᠠ ᠮᠦᠩᠭᠦ᠂ ᠲᠠᠷᠢᠶᠠᠴᠢᠨ ᠢ ᠬᠤᠪᠢᠴᠠᠭᠠᠲᠠᠨ ᠪᠤᠯᠭᠠᠨ ᠬᠤᠪᠢᠷᠠᠭᠤᠯᠬᠤ ᠬᠦᠳᠡᠭᠡ ᠲᠤᠰᠬᠤᠨ ᠤ《 ᠭᠤᠷᠪᠠᠨ ᠬᠤᠪᠢᠷᠠᠯᠲᠠ 》 ᠶᠢᠨ ᠦᠭᠡᠷᠡᠴᠢᠯᠡᠯᠲᠡ ᠶᠢ ᠢᠳᠠᠪᠬᠢᠲᠠᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠰᠠᠶᠢᠨ ᠠᠳᠬᠤᠵᠣ᠂ ᠪᠦᠬᠦ ᠬᠤᠰᠢᠭᠤᠨ ᠤ ᠲᠠᠷᠢᠶᠠᠯᠠᠩ ᠤᠨ ᠤᠰᠤᠨ ᠤ ᠬᠡᠷᠡᠭᠯᠡᠯᠲᠡ ᠳᠤ ᠲᠤᠭᠲᠠᠭᠰᠠᠨ ᠲᠣᠭᠠᠨ ᠤ ᠬᠠᠮᠢᠶᠠᠷᠤᠯᠲᠠ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠭᠠᠶᠢᠯᠢ ᠶᠢᠨ ᠦᠭᠡᠷᠡᠴᠢᠯᠡᠯᠲᠡ ᠶᠢᠨ ᠠᠬᠢᠴᠠ ᠪᠠᠨ ᠲᠦᠷᠭᠡᠳᠬᠡᠨ᠂ ᠰᠠᠯᠠᠭ᠎ᠠ ᠮᠦᠴᠢᠷ ᠤᠨ ᠲᠦᠰᠦᠪ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠬᠦᠮᠦᠷᠭᠡ ᠠᠴᠠ ᠨᠢᠭᠡᠳᠤᠯᠲᠡᠢ ᠲᠤᠰᠢᠶᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠠᠪᠤᠨ᠎ᠠ᠃ ᠪᠡᠯᠡ ᠤᠷᠤᠭᠤᠯᠵᠤ᠂ ᠪᠡᠯᠡ ᠴᠤᠭᠯᠠᠭᠤᠯᠬᠤ ᠲᠤᠭᠲᠠᠯᠴᠠᠭ᠎ᠠ ᠵᠡᠷᠭᠡ ᠭᠤᠣᠯ ᠬᠦᠷᠢᠶ᠎ᠡ ᠴᠠᠷᠠᠭᠠᠨ ᠤ ᠦᠭᠡᠷᠡᠴᠢᠯᠡᠯᠲᠡ ᠶᠢ ᠨᠡᠶᠢᠲᠡᠮ ᠳᠤ ᠨᠢ ᠭᠦᠨᠵᠡᠭᠡᠶᠢᠷᠡᠭᠦᠯᠵᠦ᠂ ᠨᠡᠶᠢᠬᠡᠮ ᠤᠨ ᠡᠯ᠎ᠡ ᠬᠦᠷᠢᠶ᠎ᠡ ᠴᠠᠷᠠᠭᠠᠨ ᠤ ᠬᠥᠭᠵᠢᠯᠲᠡ ᠶᠢᠨ ᠳᠠᠯᠳᠠ ᠬᠦᠴᠦᠨ ᠢ ᠪᠦᠷᠢᠮᠦᠰᠦᠨ ᠢᠯᠡᠷᠡᠭᠦᠯᠦᠨ᠎ᠡ᠃   《ᠡᠷᠬᠡ ᠶᠢ ᠲᠠᠯᠪᠢᠨ᠂ ᠵᠠᠰᠠᠭ ᠢ ᠴᠤᠮᠠᠳᠬᠠᠨ᠂ ᠬᠠᠮᠢᠶᠠᠷᠤᠯᠲᠠ ᠶᠢ ᠤᠶᠠᠯᠳᠤᠭᠤᠯᠵᠦ᠂ ᠤᠶᠢᠯᠡᠴᠢᠯᠡᠭᠡ ᠶᠢ ᠰᠢᠯᠢᠳᠡᠭᠵᠢᠭᠦᠯᠬᠦ》 ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ 《 ᠦᠨᠡᠮᠯᠡᠯ ᠢ ᠴᠦᠭᠡᠳᠬᠡᠨ᠂ ᠠᠷᠠᠳ ᠲᠤ ᠤᠶᠢᠯᠡᠴᠢᠯᠡᠬᠦ》 ᠠᠵᠢᠯᠯᠠᠭ᠎ᠠ ᠥᠷᠨᠢᠭᠦᠯᠵᠦ᠂ ᠤᠴᠢᠷ ᠰᠢᠢᠳᠪᠤᠷᠢᠯᠡᠬᠦ ᠦᠷ᠎ᠡ ᠪᠦᠲᠦᠮᠵᠢ᠂ ᠤᠶᠢᠯᠡᠴᠢᠯᠡᠭᠡ ᠪᠠᠨ ᠲᠡᠭᠡᠭᠰᠢᠯᠡᠭᠦᠯᠦᠨ᠎ᠡ᠃ ᠬᠢᠨᠠᠨ ᠬᠠᠮᠢᠶᠠᠷᠤᠯᠲᠠ ᠶᠢ ᠲᠡᠭᠡᠭᠰᠢᠯᠡᠬᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠪᠤᠯᠤᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃《 ᠰᠦᠯᠵᠢᠶ᠎ᠡ+ ᠵᠠᠰᠠᠭ ᠤᠨ ᠶᠠᠪᠤᠳᠠᠯ ᠤᠨ ᠤᠶᠢᠯᠡᠴᠢᠯᠡᠭᠡ》 ᠶᠢ ᠠᠬᠢᠭᠤᠯᠤᠨ᠂ ᠰᠦᠯᠵᠢᠶᠡᠨ ᠲᠡᠭᠡᠷ᠎ᠡ ᠤᠴᠢᠷ ᠰᠢᠢᠳᠪᠤᠷᠢᠯᠡᠬᠦ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠪᠤᠳᠠᠯ ᠢ ᠰᠦᠯᠵᠢᠶᠡᠨ ᠳᠡᠭᠡᠷ᠎ᠡ ᠰᠢᠢᠳᠪᠤᠷᠢᠯᠡᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃《 ᠨᠢᠭᠡᠳᠤᠯᠲᠡᠢ ᠬᠦᠯᠢᠶᠡᠨ ᠠᠪᠴᠦ᠂ ᠲᠦᠷᠦᠯ ᠬᠤᠪᠢᠶᠠᠨ ᠬᠢᠨᠠᠨ ᠵᠦᠪᠰᠢᠶᠡᠷᠡᠬᠦ》 ᠬᠡᠯᠪᠡᠷᠢ ᠶᠢ ᠲᠦᠭᠡᠮᠡᠯᠵᠢᠭᠦᠯᠵᠦ᠂ ᠠᠵᠤ ᠠᠬᠤᠶᠢᠯᠠᠯ ᠠᠷᠠᠳ ᠤᠯᠠᠨ ᠳᠤ ᠲᠦᠭᠦᠮ᠂ ᠪᠦᠲᠦᠮᠵᠢᠲᠡᠢ ᠤᠶᠢᠯᠡᠴᠢᠯᠡᠭᠡ ᠬᠠᠩᠭᠠᠨ᠎ᠠ᠃ ᠬᠦᠳᠡᠭᠡ ᠲᠤᠰᠬᠤᠨ ᠤ ᠠᠷᠠᠳ ᠲᠤ ᠲᠦᠭᠦᠮ ᠦᠵᠡᠭᠦᠯᠬᠦ ᠤᠶᠢᠯᠡᠴᠢᠯᠡᠭᠡᠨ ᠤ ᠲᠥᠪ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠂ ᠤᠶᠢᠯᠡᠴᠢᠯᠡᠭᠡᠨ ᠤ ᠴᠤᠩᠬᠤᠪᠴᠢ ᠶᠢ ᠲᠦᠷᠢᠮᠵᠢᠭᠦᠯᠵᠦ᠂ ᠤᠶᠢᠯᠡᠴᠢᠯᠡᠭᠡ ᠶᠢᠨ ᠴᠢᠳᠠᠪᠬᠢ ᠪᠠᠨ ᠲᠡᠭᠦᠯᠳᠡᠷᠵᠢᠭᠦᠯᠦᠨ᠎ᠡ᠃  ᠬᠦᠳᠡᠭᠡ ᠲᠤᠰᠬᠤᠨ ᠳᠤ ᠰᠢᠯᠢᠳᠡᠭ ᠤᠶᠢᠯᠡᠴᠢᠯᠡᠭᠡ ᠬᠠᠩᠭᠠᠭᠴᠢ ᠶᠢ ᠲᠤᠬᠢᠷᠠᠭᠤᠯᠤᠨ᠂ ᠠᠷᠠᠳ ᠲᠤ ᠲᠦᠭᠦᠮ ᠦᠵᠡᠭᠦᠯᠬᠦ ᠤᠶᠢᠯᠡᠴᠢᠯᠡᠭᠡ ᠶᠢ ᠦᠨᠡᠨᠬᠦ ᠪᠤᠳᠠᠳᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠲᠠᠢ ᠣᠶᠢᠷᠠᠳᠠᠬᠤ ᠶᠢ ᠵᠢᠩᠬᠢᠨᠢ ᠪᠡᠶᠡᠯᠡᠭᠦᠯᠦᠨ᠎ᠡ᠃      ᠠᠷᠠᠳ  ᠤᠨ ᠡᠵᠡᠩᠨᠡᠯᠲᠡ ᠶᠢᠨ ᠠᠵᠤ ᠠᠬᠤᠢ ᠶᠢ ᠪᠦᠬᠦ ᠲᠠᠯ᠎ᠠ ᠪᠠᠷ ᠬᠥᠭᠵᠢᠭᠦᠯᠦᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠵᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ  ᠶᠠᠰᠤ ᠴᠢᠨᠠᠷ ᠲᠠᠢ ᠬᠥᠭᠵᠢᠭᠦᠯᠬᠦ 26 ᠵᠤᠷᠪᠤᠰ ᠠᠷᠭ᠎ᠠ ᠬᠡᠮᠵᠢᠶ᠎ᠡ ᠶᠢ ᠨᠠᠶᠢᠲᠠᠪᠤᠷᠢᠵᠢᠭᠤᠯᠤᠨ᠂《 ᠠᠷᠠᠳ ᠤᠨ ᠡᠵᠡᠩᠨᠡᠯᠲᠡ ᠶᠢᠨ ᠠᠵᠤ ᠠᠬᠤᠢ  ᠶᠢᠨ ᠬᠥᠭᠵᠢᠯᠲᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠬᠦ》 ᠠᠵᠢᠯᠯᠠᠭ᠎ᠠ ᠥᠷᠨᠢᠭᠦᠯᠵᠦ᠂ ᠮᠠᠨ ᠤ ᠬᠤᠰᠢᠭᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠪᠤᠳᠠᠳᠠᠢ ᠠᠷᠭ᠎ᠠ ᠬᠡᠮᠵᠢᠶ᠎ᠡ ᠲᠤᠭᠲᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠬᠠᠷᠰᠢᠯᠠᠵᠦ ᠪᠠᠶᠢᠭ᠎ᠠ ᠵᠦᠢᠯ ᠪᠤᠯᠤᠨ ᠬᠦᠴᠢᠷᠳᠠᠯ ᠢ ᠠᠷᠢᠯᠭᠠᠨ᠎ᠠ᠃ ᠠᠵᠤ ᠠᠬᠤᠶᠢᠯᠠᠯ ᠤᠨ ᠭᠠᠶᠢᠯᠢ ᠶᠢ ᠪᠠᠭᠠᠰᠬᠠᠬᠤ ᠲᠦᠷᠦ ᠶᠢᠨ ᠪᠤᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠠᠷᠠᠳ ᠠᠴᠠ ᠡᠵᠡᠩᠨᠡᠭᠰᠡᠨ  ᠲᠤᠮᠤ ᠠᠵᠤ ᠠᠬᠤᠶᠢᠯᠠᠯ ᠪᠤᠯᠤᠨ ᠳᠤᠮᠳᠠ ᠠᠵᠤ ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠶᠢ ᠨᠡᠮᠡᠭᠳᠡᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠦᠪᠡᠷ ᠤᠨ ᠥᠷᠲᠡᠭ ᠢ ᠪᠠᠭᠠᠰᠬᠠᠨ᠎ᠠ᠃ ᠬᠤᠰᠢᠭᠤᠨ ᠤ ᠪᠠᠲᠤᠯᠠᠭ᠎ᠠ ᠶᠢᠨ ᠺᠤᠮᠫᠠᠨᠢ ᠶᠢᠨ ᠤᠶᠢᠯᠡᠳᠤᠯ ᠢ ᠪᠦᠷᠢᠮᠤᠰᠤᠨ ᠪᠠᠳᠠᠷᠠᠭᠤᠯᠵᠤ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢ ᠲᠤᠬᠢᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠲᠡᠮᠵᠢᠨ᠎ᠡ᠃  ᠲᠥᠪ  ᠭᠤᠣᠯᠴᠢ ᠡᠷᠬᠡ ᠲᠡᠭᠰᠢ ᠂ ᠦᠨᠳᠤᠷ ᠦᠷ᠎ᠡ ᠪᠦᠲᠦᠮᠵᠢᠲᠡᠢ ᠤᠷᠴᠢᠨ ᠢ ᠪᠦᠷᠢᠯᠳᠦᠭᠦᠯᠵᠦ᠂ ᠲᠦᠷᠦᠯ ᠵᠦᠢᠯ ᠤᠨ ᠭᠠᠵᠠᠷ ᠰᠤᠩᠭᠤᠬᠤ᠂ ᠭᠠᠵᠠᠷ ᠬᠡᠷᠡᠭᠯᠡᠬᠦ ᠵᠡᠷᠭᠡ ᠭᠠᠷᠳᠠᠮ ᠠᠴᠠ ᠭᠠᠷᠳᠠᠨ᠂ ᠠᠵᠤ ᠠᠬᠤᠶᠢᠯᠠᠯ ᠳᠤ ᠰᠢᠯᠢᠳᠡᠭ ᠤᠶᠢᠯᠡᠴᠢᠯᠡᠭᠡ ᠬᠠᠩᠭᠠᠨ᠂ ᠠᠵᠤ ᠠᠬᠤᠶᠢᠯᠠᠯ ᠤᠨ ᠯᠠᠪᠳᠠᠭᠤᠨ ᠬᠥᠭᠵᠢᠬᠦ ᠶᠢ ᠪᠠᠲᠤᠯᠠᠨ᠎ᠠ᠃ ᠠᠵᠤ ᠠᠬᠤᠶᠢᠯᠠᠲᠠᠨ ᠤ ᠵᠤᠷᠢᠭ ᠰᠠᠨᠠᠭ᠎ᠠ ᠶᠢ ᠳᠠᠶᠢᠴᠢᠯᠠᠨ ᠬᠠᠮᠠᠭᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠤᠬᠠᠢ ᠶᠢᠨ ᠭᠠᠵᠠᠷ ᠲᠤ ᠤᠶᠢᠯᠡᠴᠢᠯᠡᠬᠦ ᠶᠢ ᠵᠤᠷᠢᠭᠵᠢᠭᠤᠯᠤᠨ᠂ ᠤᠷᠤᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠤᠷᠤᠯᠴᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠴᠢᠨᠠᠷ᠂ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃     ᠤᠷᠤᠨ ᠨᠤᠲᠤᠭ ᠤᠨ ᠠᠵᠤ ᠠᠬᠤᠢ ᠶᠢᠨ ᠬᠠᠮᠵᠢᠯᠴᠠᠭ᠎ᠠ ᠶᠢ ᠪᠤᠳᠠᠳᠠᠢ ᠠᠬᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠠᠴᠠ ᠤᠯᠠᠭᠠᠨᠴᠠᠪ ᠬᠤᠲᠠᠨ ᠳᠤ ᠤᠯᠭᠤᠭᠰᠠᠨ ᠪᠦᠬᠦ ᠤᠷᠤᠨ ᠤ ᠨᠡᠭᠡᠭᠡᠯᠲᠡ ᠶᠢᠨ ᠰᠢᠨ᠎ᠡ ᠦᠨᠳᠦᠷᠯᠢᠭ ᠢ ᠪᠠᠶᠢᠭᠤᠯᠬᠤ ᠰᠢᠨ᠎ᠡ ᠪᠠᠶᠢᠷᠢ ᠲᠤᠭᠲᠠᠭᠠᠯᠳᠠ᠂ ᠰᠢᠨ᠎ᠡ ᠡᠭᠦᠷᠭᠡ ᠬᠠᠷᠢᠭᠤᠴᠠᠯᠭ᠎ᠠ ᠶᠤᠰᠤᠭᠠᠷ᠂ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠲᠠᠪᠠᠭᠤᠯᠢᠭ ᠢ ᠪᠠᠳᠠᠷᠠᠭᠤᠯᠤᠨ᠂ ᠬᠦᠬᠡᠬᠤᠲᠠ᠂ ᠪᠤᠭᠤᠳᠤ᠂ ᠤᠷᠳᠤᠰ ᠪᠤᠯᠤᠨ ᠤᠯᠠᠭᠠᠨᠴᠠᠪ ᠤᠨ ᠬᠠᠮᠲᠤ ᠶᠢᠨ ᠬᠥᠭᠵᠢᠯᠲᠡ ᠳᠤᠮᠳᠠ ᠨᠡᠩ ᠶᠡᠭᠡ ᠤᠶᠢᠯᠡᠳᠤᠯ ᠦᠵᠡᠭᠦᠯᠦᠨ᠎ᠡ᠃ ᠪᠡᠭᠡᠵᠢᠩ᠂ ᠲᠢᠶᠡᠨᠵᠢᠨ᠂ ᠾᠧᠪᠸᠢ ᠶᠢᠨ ᠬᠠᠮᠳᠤᠪᠠᠷ ᠬᠥᠭᠵᠢᠬᠦ᠂ ᠪᠡᠭᠡᠵᠢᠩ ᠦᠪᠤᠷ ᠮᠤᠩᠭᠤᠯ ᠤᠨ ᠠᠵᠢᠯ ᠲᠦᠷᠦᠯ ᠢᠶᠠᠷ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠪᠬᠢ ᠶᠢ ᠵᠠᠳᠠᠷᠠᠭᠤᠯᠤᠨ᠂ ᠠᠵᠤ ᠤᠶᠢᠯᠡᠳᠪᠤᠷᠢᠯᠡᠯ ᠢ ᠰᠢᠯᠵᠢᠭᠦᠯᠬᠦ ᠵᠡᠷᠭᠡ ᠲᠤᠮᠤ ᠴᠢᠬᠤᠯᠠ ᠪᠠᠶᠢᠯᠳᠤᠬᠤ ᠪᠤᠳᠣᠯᠭ᠎ᠠ ᠶᠢᠨ ᠲᠤᠬᠢᠶᠠᠯ ᠢ ᠠᠰᠢᠭᠯᠠᠨ᠂ ᠪᠡᠭᠡᠵᠢᠩ ᠦᠪᠤᠷ ᠮᠤᠩᠭᠤᠯ ᠤᠨ ᠬᠠᠮᠵᠢᠯᠴᠠᠭᠠᠨ ᠤ ᠠᠵᠤ ᠤᠶᠢᠯᠡᠳᠪᠤᠷᠢᠯᠡᠯ ᠤᠨ ᠬᠦᠷᠢᠶᠡᠯᠡᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠦᠷᠭᠡᠨ ᠪᠡᠶᠡᠯᠡᠬᠦᠯᠵᠦ᠂ ᠵᠢᠨᠢᠩ ᠳ᠋ᠠᠲ᠋ᠦᠩ ᠤᠨ ᠲᠦᠷᠭᠡᠨ ᠤ ᠲᠡᠮᠤᠷ ᠵᠠᠮ ᠤᠨ ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠳᠠᠬᠢ ᠪᠠᠶᠢᠭᠤᠯᠤᠯᠲᠠ ᠶᠢᠨ ᠭᠡᠰᠡᠭ ᠤᠨ ᠡᠮᠤᠨᠡᠬᠢ ᠬᠤᠭᠤᠴᠠᠭᠠᠨ ᠤ  ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠠᠵᠤ ᠤᠶᠢᠯᠡᠳᠪᠤᠷᠢᠯᠡᠯ ᠤᠨ ᠰᠢᠯᠵᠢᠯᠲᠡ ᠶᠢ ᠬᠦᠯᠢᠶᠡᠨ ᠠᠪᠬᠤ ᠴᠢᠳᠠᠪᠬᠢ ᠪᠠᠨ ᠨᠡᠮᠡᠭᠳᠡᠭᠦᠯᠦᠨ᠎ᠡ᠃《 ᠨᠢᠭᠡ ᠪᠦᠰᠡ ᠨᠢᠭᠡ ᠵᠠᠮ》 ᠪᠤᠯᠤᠨ ᠲᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠭᠤᠳᠤᠮᠵᠢ ᠶᠢᠨ ᠪᠠᠶᠢᠭᠤᠯᠤᠯᠲᠠ ᠳᠤ ᠢᠳᠠᠪᠬᠢᠲᠠᠢ ᠤᠷᠤᠯᠴᠠᠨ᠂ ᠤᠷᠤᠰ᠂ ᠮᠤᠩᠭᠤᠯ ᠵᠡᠷᠭᠡ ᠤᠯᠤᠰ  ᠤᠳ ᠤᠨ ᠬᠠᠮᠵᠢᠯᠴᠠᠭ᠎ᠠ ᠰᠤᠯᠢᠯᠴᠠᠭ᠎ᠠ ᠪᠠᠨ ᠨᠡᠮᠡᠭᠳᠡᠭᠦᠯᠵᠦ᠂ ᠬᠥᠭᠵᠢᠯᠲᠡ ᠨᠡᠭᠡᠭᠡᠯᠲᠡ ᠶᠢ ᠠᠬᠢᠭᠤᠯᠬᠤ ᠳᠤ ᠨᠡᠩ ᠲᠤᠪᠤᠶᠢᠮ᠎ᠠ᠂ ᠨᠡᠩ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ᠃ ︵ᠲᠠᠪᠤ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠬᠤᠳᠠ ᠬᠥᠳᠡᠭᠡ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠲᠦᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠳᠬᠠᠨ᠎ᠠ᠃ ᠡᠯ᠎ᠡ ᠵᠦᠢᠯ ᠤᠨ ᠲᠥᠯᠥᠪᠵᠢᠭᠦᠯᠭᠡ ᠶᠢ ᠨᠠᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠵᠢᠷᠤᠭ ᠲᠥᠯᠥᠪᠯᠡᠭᠡ᠂ ᠬᠤᠭᠤᠯᠠᠶ ᠶᠢᠨ ᠲᠣᠣᠷ  ᠢ ᠨᠡᠶᠢᠳᠡᠮ ᠪᠠᠢᠴᠠᠭᠠᠬᠤ ᠵᠡᠷᠭᠡ ᠠᠵᠢᠯ ᠢ ᠵᠡᠷᠭᠡ ᠪᠠᠷ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠲᠥᠯᠥᠪᠵᠢᠭᠦᠯᠭᠡ ᠶᠢᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ  ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠰᠢᠨ᠎ᠡ ᠪᠠᠷ ᠪᠠᠢᠭᠤᠯᠬᠤ  ᠰᠠᠭᠤᠭᠠᠯᠢ ᠲᠣᠭᠤᠷᠢᠭ ᠨᠢ ᠲᠣᠭᠲᠠᠭᠠᠯ ᠶᠣᠰᠣᠭᠠᠷ ᠨᠡᠶᠢᠬᠡᠮ ᠲᠣᠭᠤᠷᠢᠭ᠂ ᠬᠡᠦᠬᠡᠳ ᠤᠨ ᠴᠡᠴᠡᠷᠯᠢᠭ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠨᠡᠶᠢᠲᠡ ᠶᠢᠨ ᠵᠣᠷᠯᠣᠩ ᠵᠡᠷᠭᠡ ᠣᠯᠠᠨ ᠨᠡᠶᠢᠲᠡ ᠶᠢᠨ  ᠤᠶᠢᠯᠡᠴᠢᠯᠡᠭᠡᠨ  ᠤ ᠪᠡᠯᠡᠳᠬᠡᠮᠵᠢ ᠶᠢ ᠲᠣᠬᠢᠷᠠᠭᠤᠯᠤᠨ ᠪᠠᠢᠭᠤᠯᠵᠤ᠂ ᠪᠠᠢᠭᠤᠯᠬᠤ ᠬᠠᠮᠢᠶᠠᠷᠬᠤ ᠶᠠᠰᠤ ᠴᠢᠨᠠᠷ  ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃     ᠬᠤᠲᠠ ᠪᠠᠯᠭᠠᠰᠤᠨ ᠤ ᠠᠷᠠᠳ ᠤᠨ ᠠᠮᠢᠳᠤᠷᠠᠯ ᠶᠢ ᠲᠡᠭᠡᠭᠰᠢᠯᠡᠭᠦᠯᠦᠨ᠎ᠡ᠃ ᠰᠢᠨ᠎ᠡ ᠲᠤᠭᠤᠷᠢᠭ᠂ ᠦᠨᠳᠦᠷ ᠬᠤᠷᠳᠤᠴᠠ ᠭᠠᠯ ᠲᠡᠷᠭᠡᠨ ᠤ ᠬᠤᠳᠠᠯᠳᠤᠭ᠎ᠠ ᠪᠠᠷ ᠭᠤᠤᠯ ᠪᠤᠯᠭᠠᠵᠤ᠂ ᠲᠡᠷᠭᠡᠨ ᠦᠷᠲᠡᠭᠡ ᠶᠢᠨ ᠡᠮᠤᠨᠡᠬᠢ ᠤᠰᠤᠨ ᠦᠵᠡᠮᠵᠢ ᠶᠢᠨ ᠪᠠᠶᠢᠭᠤᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠷᠠᠯᠵᠢᠶ᠎ᠠ ᠬᠤᠳᠠᠯᠳᠤᠭ᠎ᠠ ᠶᠢᠨ ᠪᠠᠶᠢᠭᠤᠯᠭ᠎ᠠ ᠶᠢ ᠴᠢᠷᠮᠠᠶᠢᠨ ᠡᠬᠢᠯᠡᠭᠦᠯᠵᠦ᠂ ᠭᠡᠭᠡᠨᠴᠢᠷ ᠰᠠᠶᠢᠬᠠᠨ ᠪᠠᠶᠢᠳᠠᠯ ᠢᠶᠠᠷ ᠪᠡᠭᠡᠵᠢᠩ ᠬᠦᠬᠡᠬᠤᠲᠠ ᠶᠢᠨ ᠳᠡᠭᠡᠲᠦ ᠬᠤᠷᠳᠤᠴᠠ ᠲᠡᠮᠦᠷ ᠵᠠᠮ ᠤᠨ ᠨᠡᠪᠲᠡᠷᠡᠬᠦ ᠶᠢ ᠤᠭᠲᠤᠨ᠎ᠠ᠃ ᠲᠡᠭᠡᠲᠦ ᠱᠠᠲᠤ ᠶᠢᠨ ᠲᠤᠰᠬᠠᠢ ᠮᠥᠩᠭᠦ᠂ ᠵᠢᠭᠡᠯᠡᠭᠰᠡᠨ ᠮᠥᠩᠭᠦ ᠢ ᠢᠳᠡᠪᠬᠢᠲᠠᠢ  ᠡᠷᠡᠮᠡᠯᠵᠡᠨ ᠣᠯᠵᠤ᠂ ᠮᠠᠯᠴᠢᠨ ᠵᠠᠮ᠂ ᠲᠤᠸᠠᠨ ᠵᠢᠶᠧ ᠪᠠᠷᠠᠭᠤᠨ ᠵᠠᠮ ᠢ ᠵᠠᠰᠠᠵᠤ᠂ ᠲᠡᠭᠡᠲᠦ ᠬᠤᠷᠳᠤᠴᠠ ᠭᠠᠯ ᠲᠡᠷᠭᠡᠨ ᠦᠷᠲᠡᠭᠡ ᠶᠢᠨ ᠡᠮᠦᠨ᠎ᠡ ᠵᠠᠮ᠂ ᠦᠷᠲᠡᠭᠡ ᠶᠢᠨ 10KVA ᠶᠢᠨ ᠴᠠᠬᠢᠯᠭᠠᠨ ᠵᠠᠮ ᠪᠠ ᠰᠢᠨ᠎ᠡ ᠲᠤᠭᠤᠷᠢᠭ ᠤᠨ ᠪᠤᠬᠢᠷ ᠣᠰᠤᠨ ᠤ ᠬᠠᠮᠢᠶᠠᠷᠣᠯᠲᠠ ᠶᠢᠨ ᠲᠤᠤᠷ ᠤᠨ ᠲᠦᠰᠤᠯ ᠢ ᠡᠬᠢᠯᠡᠨ ᠪᠠᠶᠢᠭᠤᠯᠵᠤ᠂ ᠰᠢᠨ᠎ᠡ ᠲᠤᠭᠤᠷᠢᠭ ᠤᠨ ᠬᠤᠭ ᠨᠤᠪᠰᠢ ᠶᠢᠨ ᠰᠢᠢᠳᠪᠦᠷᠢᠯᠡᠬᠦ ᠲᠦᠯᠦᠪᠯᠡᠭᠡ ᠶᠢ ᠬᠡᠷᠡᠭᠵᠢᠭᠦᠯᠵᠦ᠂ ᠰᠢᠨ᠎ᠡ ᠲᠤᠭᠤᠷᠢᠭ ᠤᠨ ᠵᠠᠮ ᠤᠨ ᠬᠠᠷᠢᠯᠴᠡᠨ ᠨᠡᠪᠲᠡᠷᠡᠬᠦ ᠪᠠ ᠬᠤᠲᠠ ᠶᠢᠨ ᠵᠠᠬᠢᠷᠭ᠎ᠠ ᠶᠢᠨ ᠨᠡᠶᠢᠲᠡ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ  ᠲᠡᠭᠡᠭᠰᠢᠯᠡᠭᠦᠯᠵᠦ᠂   ᠾᠧᠩ ᠳ᠋ᠠ᠂ ᠠᠭᠤᠯᠠ ᠤᠰᠤᠨ ᠤ ᠰᠤᠶᠤᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠤᠭᠲᠠᠮᠠᠯ ᠬᠥᠷᠥᠩᠭᠡ ᠶᠢᠨ ᠪᠠᠶᠢᠭᠤᠯᠤᠯᠲᠠ ᠶᠢ ᠬᠤᠷᠳᠤᠳᠬᠠᠨ᠎ᠠ᠃ ᠲᠤᠭᠲᠠᠮᠠᠯ ᠬᠥᠷᠥᠩᠭᠡ ᠶᠢᠨ ᠠᠵᠤ ᠦᠢᠯᠡᠳᠪᠦᠷᠢ ᠶᠢᠨ ᠡᠷᠡᠭᠦᠯ ᠮᠡᠨᠳᠦ ᠬᠦᠭᠵᠢᠬᠦ ᠶᠢ  ᠠᠬᠢᠭᠤᠯᠵᠤ᠂ ᠰᠢᠨ᠎ᠡ ᠦᠯᠡᠳᠡᠭᠳᠡᠯ ᠪᠣᠯᠬᠤ ᠠᠴᠠ ᠵᠡᠶᠢᠯᠡᠰᠬᠢᠨ᠎ᠡ᠃ ᠲᠤᠭ ᠤᠨ ᠠᠭᠤᠯᠠ ᠪᠠᠯᠭᠠᠰᠤ᠂ ᠶᠠᠳᠠᠭᠤᠴᠤᠳ ᠤᠨ ᠬᠤᠳᠠᠬᠠᠨ ᠤ ᠰᠠᠭᠤᠷᠢ ᠲᠦᠬᠦᠭᠡᠷᠦᠮᠵᠢ ᠶᠢ ᠰᠢᠨᠡᠳᠬᠡᠵᠦ᠂ ᠶᠠᠳᠠᠭᠤᠴᠤᠳ ᠤᠨ ᠬᠤᠳᠠᠬᠠᠨ ᠤ ᠡᠷᠬᠢᠨ ᠲᠤᠭᠤᠷᠢᠨ ᠤ ᠵᠠᠮ ᠬᠠᠷᠢᠯᠴᠠᠭ᠎ᠠ ᠶᠢ ᠵᠠᠰᠠᠵᠤ᠂ ᠦᠨᠳᠦᠰᠦᠨ ᠠᠴᠠ ᠨᠢ ᠪᠠᠯᠭᠠᠰᠤᠨ ᠤ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠤᠨ᠎ᠠ᠃ ᠨᠤᠷᠠᠭᠠᠭᠰᠠᠨ ᠭᠠᠵᠠᠷ ᠢ ᠵᠤᠬᠢᠰᠲᠠᠢ ᠠᠰᠢᠭᠯᠠᠵᠤ᠂ ᠮᠠᠰᠢᠨ ᠲᠡᠷᠭᠡ ᠵᠣᠭᠰᠤᠭᠠᠬᠤ ᠲᠠᠯᠠᠪᠠᠢ᠂ ᠪᠠᠭ᠎ᠠ ᠲᠠᠯᠠᠪᠠᠢ᠂ ᠴᠡᠴᠡᠷᠯᠢᠭ ᠤᠨ ᠲᠠᠯᠠᠪᠠᠢ ᠶᠢ ᠪᠠᠶᠢᠭᠤᠯᠵᠤ᠂ ᠵᠡᠭᠡᠯᠢ ᠶᠢᠨ ᠨᠤᠭᠤᠭᠠᠷᠠᠭᠤᠯᠬᠤ ᠶᠢ ᠴᠢᠩᠭᠠᠳᠬᠠᠵᠤ᠂ ᠲᠤᠭ ᠤᠨ ᠠᠭᠤᠯᠠ ᠬᠦᠷᠢᠶᠡᠯᠡᠩ ᠢ ᠦᠷᠬᠦᠯᠵᠢᠯᠡᠨ ᠰᠢᠨᠡᠳᠬᠡᠨ᠎ᠡ᠃ ᠰᠢᠨ᠎ᠡ ᠬᠠᠭᠤᠴᠢᠨ ᠲᠤᠭᠤᠷᠢᠭ ᠤᠨ ᠶᠠᠳᠠᠭᠤᠴᠤᠳ ᠤᠨ ᠬᠤᠳᠠᠬᠠᠨ ᠤ ᠰᠢᠨᠡᠳᠬᠡᠬᠦ ᠶᠢ ᠪᠦᠬᠦ ᠬᠦᠴᠦ ᠪᠠᠷ ᠲᠦᠯᠬᠢᠨ᠂ ᠵᠢᠯ ᠤᠨ ᠲᠤᠳᠤᠷ᠎ᠠ 2000 ᠡᠷᠥᠭᠡ ᠠᠴᠠ ᠲᠡᠭᠡᠭᠰᠢ ᠪᠡᠶᠡᠯᠡᠬᠦᠯᠦᠨ᠎ᠡ     ᠬᠤᠲᠠ ᠶᠢᠨ ᠬᠠᠮᠢᠶᠠᠷᠤᠯᠲᠠ ᠶᠢ ᠨᠠᠷᠢᠨ ᠰᠠᠶᠢᠨ ᠬᠢᠨ᠎ᠡ᠃ ᠬᠤᠲᠠ ᠶᠢᠨ ᠬᠠᠮᠢᠶᠠᠷᠤᠯᠲᠠ ᠶᠢᠨ ᠶᠡᠷᠥᠩᠬᠢ ᠬᠠᠤᠯᠢ ᠶᠢ ᠬᠡᠷᠡᠭᠵᠢᠬᠦᠯᠬᠦ ᠲᠤᠭᠲᠠᠯᠴᠠᠭ᠎ᠠ ᠶᠢ  ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ  ᠲᠤᠭᠠᠴᠢᠯᠠᠬᠤ ᠲᠡᠪᠴᠡᠩ ᠢ  ᠠᠬᠢᠭᠤᠯᠤᠨ᠂ ᠲᠤᠲᠤᠭᠠᠲᠤ ᠶᠢ ᠬᠠᠮᠠᠭᠠᠯᠠᠬᠤ᠂ ᠬᠤᠲᠠ ᠶᠢᠨ  ᠬᠠᠮᠢᠶᠠᠷᠤᠯᠲᠠ ᠵᠡᠷᠭᠡ ᠪᠠᠶᠢᠭᠤᠯᠭ᠎ᠠ ᠶᠢᠨ ᠰᠤᠷᠠᠭ ᠵᠠᠩᠬᠢ ᠪᠠᠨ  ᠬᠤᠪᠢᠶᠠᠯᠴᠠᠵᠤ  ᠶᠢ ᠠᠬᠢᠭᠤᠯᠵᠤ᠂  ᠬᠠᠷᠢᠯᠴᠠᠭ᠎ᠠ ᠶᠢ ᠨᠠᠷᠢᠨ ᠨᠢᠮᠪᠠᠢ᠂ ᠤᠶᠤᠨ ᠣᠬᠠᠭᠠᠯᠢᠭ ᠪᠤᠯᠭᠠᠨ᠎ᠠ᠃  ᠬᠤᠲᠠ ᠶᠢᠨ ᠲᠥᠷᠢ ᠪᠠᠶᠢᠳᠠᠯ ᠢ ᠰᠠᠶᠢᠵᠢᠷᠠᠭᠤᠯᠬᠤ ᠶᠢ ᠴᠢᠩᠭᠠᠳᠬᠠᠵᠤ᠂ ᠭᠠᠳᠠᠭ᠎ᠠ ᠪᠠᠶᠢᠭ᠎ᠠ ᠬᠠᠤᠯᠢ ᠵᠦᠷᠢᠴᠡᠭᠰᠡᠨ ᠵᠠᠷ ᠰᠤᠷᠲᠠᠯᠴᠢᠯᠠᠭ᠎ᠠ ᠶᠢ ᠪᠦᠬᠦᠨ ᠢ ᠡᠮᠬᠢᠯᠡᠵᠦ᠂ ᠰᠠᠮᠪᠠᠷ᠎ᠠ ᠢᠯᠡᠷᠬᠡᠶᠢᠯᠡᠯ ᠢ ᠲᠥᠷᠢᠮ ᠳᠤ ᠣᠷᠤᠭᠤᠯᠵᠤ᠂ ᠬᠤᠪᠢ ᠪᠠᠷ ᠡᠮᠬᠢ ᠵᠠᠮᠪᠠᠷᠠᠭ᠎ᠠ ᠦᠭᠡᠢ ᠪᠠᠶᠢᠭᠤᠯᠤᠭᠰᠠᠨ ᠲᠡᠯᠭᠡᠭᠦᠷ  ᠲᠤ ᠴᠢᠩᠭ᠎ᠠ ᠴᠤᠬᠢᠯᠲᠠ ᠦᠭᠴᠦ᠂ ᠪᠦᠬᠦ ᠴᠠᠭ ᠢᠶᠠᠷ ᠠᠷᠢᠭᠤᠨ ᠴᠡᠪᠡᠷ ᠪᠠᠶᠢᠯᠭᠠᠵᠤ᠂ ᠨᠠᠷᠢᠨ ᠵᠡᠭᠡᠯᠢ ᠭᠤᠳᠤᠮᠵᠢ ᠶᠢᠨ ᠠᠷᠢᠭᠤᠨ ᠴᠡᠪᠡᠷ ᠢ ᠭᠤᠤᠯ ᠰᠢᠢᠳᠪᠦᠷᠢᠯᠡᠵᠦ᠂ ᠬᠤᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠭᠦᠯᠦᠨ᠎ᠡ᠃《 ᠠᠳᠠᠯ ᠠᠬᠤᠢ ᠶᠢᠨ ᠦᠢᠯᠡᠴᠢᠯᠡᠯᠭᠡ ᠶᠢᠨ ᠴᠢᠨᠠᠷ ᠢ ᠲᠡᠭᠡᠭᠰᠢᠯᠡᠭᠦᠯᠬᠦ ᠵᠢᠯ 》 ᠤᠨ ᠬᠦᠳᠡᠯᠭᠡᠭᠡᠨ ᠢ ᠯᠠᠪᠳᠠᠭᠤᠨ ᠶᠠᠪᠤᠭᠳᠠᠭᠤᠯᠵᠤ᠂  ᠤᠷᠤᠰᠢᠨ ᠰᠠᠭᠤᠭᠴᠢᠳ ᠤᠨ ᠠᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠎ᠡ᠃ ᠳᠡᠭᠡᠲᠦ  ᠬᠤᠷᠳᠤᠴᠠᠲᠤ ᠭᠠᠯ ᠲᠡᠷᠭᠡᠨ ᠦᠷᠲᠡᠭᠡ ᠶᠢᠨ ᠡᠮᠦᠨᠡᠬᠢ ᠲᠠᠯᠠᠪᠠᠢ ᠶᠢᠨ ᠮᠠᠰᠢᠨ ᠲᠡᠷᠭᠡ ᠵᠤᠭᠰᠤᠬᠤ ᠭᠠᠵᠠᠷ ᠢ ᠵᠤᠬᠢᠰᠲᠠᠢ ᠵᠢᠷᠤᠨ ᠲᠤᠬᠢᠷᠠᠭᠤᠯᠵᠤ᠂ ᠲᠡᠷᠭᠡ ᠵᠤᠭᠰᠤᠬᠤ ᠶᠢ ᠡᠮᠬᠢ ᠲᠢᠭᠯᠡᠮ ᠲᠠᠢ ᠪᠠᠶᠢᠯᠭᠠᠨ᠎ᠠ᠃ ᠦᠪᠡᠷᠲᠡᠭᠡᠨ ᠵᠠᠰᠠᠬᠤ ᠣᠷᠤᠨ ᠤ ᠪᠤᠯᠪᠠᠰᠤᠨ ᠬᠤᠲᠠ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠥᠷᠨᠢᠭᠦᠯᠵᠦ᠂ ᠪᠤᠯᠪᠠᠰᠤᠨ ᠬᠤᠲᠠ ᠶᠢᠨ ᠰᠤᠷᠭᠠᠨ ᠬᠦᠮᠦᠵᠢᠭᠦᠯᠦᠯ ᠢ ᠦᠷᠭᠡᠨ ᠬᠦᠭᠵᠢᠭᠦᠯᠵᠦ᠂ ᠠᠷᠠᠳ ᠤᠨ ᠤᠬᠠᠮᠰᠠᠷ ᠢ ᠨᠡᠮᠡᠭᠳᠡᠭᠦᠯᠦᠨ ᠴᠢᠩᠭᠠᠳᠬᠠᠵᠤ᠂ ᠬᠠᠮᠲᠤ ᠳᠤ ᠪᠠᠨ ᠪᠠᠶᠢᠭᠤᠯᠵᠤ ᠬᠠᠮᠲᠤ ᠳᠤ ᠪᠠᠨ ᠬᠠᠮᠢᠶᠠᠷᠠᠬᠤ ᠬᠤᠲᠠ ᠶᠢᠨ ᠬᠠᠮᠢᠶᠠᠷᠤᠯᠲᠠ ᠶᠢᠨ ᠠᠭᠤᠷ ᠠᠮᠢᠰᠬᠤᠯ ᠢ ᠪᠣᠢ ᠪᠤᠯᠭᠠᠨ᠎ᠠ᠃ ︵ᠵᠢᠷᠭᠤᠭ᠎ᠠ︶ ᠠᠷᠠᠳ ᠤᠨ ᠠᠮᠢᠳᠤᠷᠠᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠵᠣᠯ ᠵᠢᠷᠭᠠᠯ ᠠᠪᠴᠢᠷᠠᠨ᠎ᠠ᠃     ᠬᠤᠲᠠ ᠬᠦᠳᠡᠭᠡ ᠶᠢᠨ ᠠᠵᠢᠯ ᠤᠯᠭᠤᠯᠲᠠ ᠶᠢ ᠯᠠᠪᠳᠠᠭᠤᠨ ᠠᠬᠢᠭᠤᠯᠤᠨ᠎ᠠ᠃ ᠤᠷᠢᠳᠠᠪᠠᠷ ᠠᠵᠢᠯ  ᠣᠯᠭᠤᠬᠤ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠨ᠂ ᠶᠡᠭᠡ ᠲᠡᠭᠡᠳᠤ ᠰᠤᠷᠭᠠᠭᠤᠯᠢ ᠠᠴᠠ ᠲᠡᠭᠦᠰᠦᠭᠰᠡᠨ ᠤᠶᠤᠲᠠᠨ᠂ ᠴᠡᠷᠢᠭ ᠠᠴᠠ ᠬᠠᠯᠠᠭᠳᠠᠭᠰᠠᠳ ᠵᠡᠷᠭᠡ ᠬᠦᠮᠦᠰ ᠤᠨ ᠠᠵᠢᠯ ᠤᠯᠭᠤᠯᠲᠠ ᠶᠢ ᠭᠤᠣᠯᠳᠠᠯᠭ᠎ᠠ ᠲᠠᠢ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 240 ᠠᠴᠠ ᠲᠡᠭᠡᠭᠡᠰᠢ ᠭᠠᠷᠭᠠᠵᠤ᠂ ᠠᠵᠢᠯ ᠣᠯᠬᠤ ᠳᠤ ᠬᠦᠴᠢᠷᠲᠠᠢ ᠬᠦᠮᠤᠰ ᠢ ᠲᠤᠬᠢᠷᠠᠮᠵᠢᠲᠠᠢ ᠲᠤᠬᠢᠷᠠᠭᠤᠯᠵᠦ᠂ ᠠᠵᠢᠯ ᠣᠯᠭᠤᠯᠲᠠ ᠶᠢᠨ ᠪᠠᠶᠢᠳᠠᠯ ᠢ ᠯᠠᠪᠳᠠᠭᠤᠨ ᠪᠠᠲᠤᠯᠠᠨ᠎ᠠ᠃ ᠬᠤᠰᠢᠭᠤᠨ ᠤ ᠲᠤᠳᠤᠷᠠᠬᠢ ᠤᠨᠴᠠᠯᠢᠭᠲᠤ ᠠᠵᠤ ᠤᠶᠢᠯᠡᠳᠪᠤᠷᠢ ᠪᠣᠯᠣᠨ ᠠᠵᠤ ᠠᠬᠤᠶᠢᠯᠠᠯ ᠤᠨ ᠠᠵᠢᠯᠳᠠᠨ ᠬᠡᠷᠡᠭᠯᠡᠬᠦ ᠱᠠᠭᠠᠷᠳᠠᠯᠭ᠎ᠠ ᠶᠢᠨ ᠲᠤᠭᠤᠷᠢᠨ ᠳᠤ ᠬᠠᠨᠳᠤᠯᠭ᠎ᠠ ᠲᠠᠢ ᠪᠠᠷ ᠪᠤᠯᠪᠠᠰᠤᠷᠠᠯ ᠬᠦᠷᠲᠡᠭᠡᠨ᠂ ᠠᠵᠢᠯ ᠤᠯᠭᠤᠯᠲᠠ ᠶᠢᠨ ᠮᠡᠷᠭᠡᠵᠢᠯ ᠬᠠᠩᠭᠠᠨ᠎ᠠ᠃ ᠠᠵᠢᠯ ᠠᠯᠳᠠᠭᠰᠠᠳ ᠤᠨ ᠲᠠᠭᠠᠳᠬᠠᠯ ᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠲᠠᠷᠤᠭᠠᠰᠤ ᠶᠢ ᠪᠠᠭᠠᠰᠬᠠᠨ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠯᠠᠪᠳᠠᠭᠤᠨ ᠪᠠᠲᠤᠯᠠᠨ᠎ᠠ᠃     ᠨᠡᠶᠢᠬᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠬᠤ ᠶᠢ ᠠᠬᠢᠭᠤᠯᠵᠤ᠂ ᠤᠨᠴᠠᠭᠠᠶᠢᠯᠠᠨ ᠪᠦᠬᠦ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠦᠮᠤᠰ  ᠲᠤ ᠨᠡᠶᠢᠬᠡᠮ ᠤᠨ ᠲᠠᠭᠠᠳᠬᠠᠯ ᠲᠤᠰᠢᠶᠠᠵᠤ᠂ ᠡᠯ᠎ᠡ ᠵᠦᠢᠯ ᠤᠨ ᠨᠡᠶᠢᠬᠡᠮ ᠤᠨ ᠲᠠᠭᠠᠳᠬᠠᠯ ᠢᠶᠠᠷ  ᠪᠠᠲᠤᠯᠠᠵᠤ ᠪᠣᠯᠬᠤ ᠶᠢ ᠪᠦᠬᠦᠨ ᠢ ᠪᠠᠲᠤᠯᠠᠨ᠎ᠠ᠃ᠪᠠᠶᠢᠭᠤᠯᠭ᠎ᠠ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠳᠠᠭᠠᠳᠬᠠᠯ ᠢ ᠴᠠᠭ ᠲᠤᠬᠠᠢ ᠳᠤ ᠨᠢ ᠲᠠᠷᠬᠠᠭᠠᠨ᠎ᠠ᠃ ᠪᠦᠬᠦ ᠬᠤᠰᠢᠭᠤᠨ ᠤ ᠲᠤᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠠᠶᠤᠯ ᠲᠦᠭᠰᠢᠭᠦᠷᠢ ᠶᠢ ᠪᠠᠶᠢᠴᠠᠭᠠᠵᠤ᠂ ᠡᠮ ᠡᠮᠨᠡᠯᠭᠡ ᠶᠢᠨ ᠲᠠᠭᠠᠳᠬᠠᠯ ᠤᠨ ᠮᠡᠬᠡᠯᠡᠯ  ᠳᠤ ᠴᠢᠩᠭ᠎ᠠ ᠴᠤᠬᠢᠯᠲᠠ ᠥᠭᠭᠦᠨ᠎ᠡ᠃ ᠪᠤᠰᠤᠳ ᠭᠠᠵᠠᠷ ᠡᠮᠴᠢᠯᠡᠭᠦᠯᠬᠦ ᠠᠵᠢᠯ ᠢ ᠭᠦᠨᠵᠡᠭᠡᠢ  ᠠᠬᠢᠭᠤᠯᠵᠤ᠂ ᠤᠷᠤᠨ᠂  ᠬᠤᠲᠠ ᠶᠢᠨ《 ᠬᠤᠶᠠᠷ ᠲᠤᠭᠲᠠᠭᠰᠠᠨ ᠪᠠᠶᠢᠭᠤᠯᠤᠮᠵᠢ》 ᠶᠢ ᠪᠦᠬᠦᠨ ᠢ ᠡᠮ ᠡᠮᠨᠡᠯᠭᠡ ᠶᠢᠨ ᠲᠤᠭᠲᠠᠭᠰᠠᠨ ᠴᠡᠭ ᠤᠨ ᠬᠠᠷᠢᠶᠠᠨ ᠳᠤ ᠤᠷᠤᠭᠤᠯᠤᠨ᠎ᠠ᠃《 ᠨᠡᠩ ᠠᠷᠪᠢᠨ ᠬᠦᠮᠤᠨ ᠤ ᠠᠮᠢ ᠨᠠᠰᠤ ᠶᠢ ᠠᠪᠤᠷᠠᠬᠤ ᠰᠠᠶᠢᠨ ᠡᠮ ᠢ ᠡᠮ ᠡᠮᠨᠡᠯᠭᠡ ᠶᠢᠨ ᠲᠠᠭᠠᠳᠬᠠᠯ ᠳᠤ ᠤᠷᠤᠭᠤᠯᠬᠤ》 ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠡᠪᠡᠳᠴᠢᠨ ᠦᠵᠡᠭᠦᠯᠬᠦ ᠲᠠᠷᠤᠭᠠᠰᠤ ᠶᠢ ᠬᠥᠩᠭᠡᠯᠡᠨ᠎ᠡ᠃ ᠬᠤᠲᠠ ᠬᠦᠳᠡᠭᠡ ᠶᠢᠨ ᠲᠤᠤᠷ᠎ᠠ ᠪᠠᠲᠤᠯᠠᠭ᠎ᠠ᠂ ᠤᠨᠴᠠᠭᠠᠢ ᠬᠦᠴᠢᠷᠲᠠᠢ ᠬᠦᠮᠤᠰ ᠢ ᠬᠠᠷᠠᠭᠠᠯᠵᠠᠬᠤ᠂ ᠵᠡᠮᠳᠡᠭᠴᠦᠳ ᠤᠨ《 ᠬᠤᠶᠠᠷ ᠵᠦᠢᠯ ᠤᠨ ᠨᠦᠬᠦᠪᠤᠷᠢ》᠂ ᠵᠡᠮᠳᠡᠭ᠂ ᠥᠨᠤᠴᠢᠨ ᠬᠡᠤᠬᠡᠳ ᠤᠨ ᠨᠦᠬᠦᠪᠤᠷᠢ ᠶᠢ ᠯᠠᠪᠳᠠᠭᠤᠨ ᠳᠡᠭᠡᠭᠰᠢᠯᠡᠭᠦᠯᠵᠦ᠂ ᠶᠠᠳᠠᠭᠤ ᠬᠦᠴᠢᠷᠲᠠᠢ ᠬᠦᠮᠤᠰ ᠤᠨ ᠦᠨᠳᠤᠰᠤᠨ ᠠᠮᠢᠳᠤᠷᠠᠯ ᠢ ᠪᠠᠲᠤᠯᠠᠨ᠎ᠠ᠃《 ᠬᠤᠶᠠᠷ ᠮᠦᠩᠭᠦ ᠭᠤᠷᠪᠠᠨ ᠳᠦᠷᠢᠮ》 ᠢ ᠨᠠᠶᠢᠳᠠᠪᠤᠷᠢᠵᠢᠭᠤᠯᠵᠤ᠂  ᠬᠦᠯᠤᠰᠤᠨ ᠠᠵᠢᠯᠴᠢᠳ ᠤᠨ  ᠴᠠᠯᠢᠩ ᠢ ᠴᠠᠭ ᠲᠤᠬᠠᠢ ᠳᠤ ᠨᠢ ᠲᠠᠷᠬᠠᠭᠠᠵᠤ᠂ ᠬᠦᠯᠤᠰᠤᠨ ᠠᠵᠢᠯᠴᠢᠳ ᠤᠨ ᠴᠠᠯᠢᠩ ᠢ ᠬᠤᠶᠢᠰᠢᠯᠠᠭᠤᠯᠵᠤ᠂ ᠲᠤᠳᠠᠬᠤ ᠪᠠᠶᠢᠳᠠᠯ ᠢ ᠰᠡᠷᠭᠡᠶᠢᠯᠡᠨ᠎ᠡ᠃ ᠨᠡᠶᠢᠬᠡᠮ ᠤᠨ ᠠᠰᠠᠷᠠᠮᠵᠢ ᠶᠢᠨ ᠠᠵᠢᠯ ᠤᠶᠢᠯᠡᠰ ᠢ ᠲᠡᠮᠵᠢᠵᠦ᠂ ᠡᠮᠡᠭᠲᠡᠶᠢᠴᠦᠳ᠂ ᠬᠡᠤᠬᠡᠳ ᠪᠠᠭᠠᠴᠤᠳ᠂ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ  ᠃     ᠵᠢᠭᠠᠨ ᠰᠤᠷᠭᠠᠯᠲᠠ ᠶᠢᠨ ᠴᠢᠨᠠᠷ ᠢ ᠲᠡᠭᠡᠭᠰᠢᠯᠡᠭᠦᠯᠦᠨ᠎ᠡ᠃  ᠰᠤᠷᠭᠠᠨ ᠬᠦᠮᠤᠵᠢᠯ ᠤᠨ《 ᠭᠤᠷᠪᠠᠨ ᠵᠦᠢᠯ ᠤᠨ ᠦᠭᠡᠷᠡᠴᠢᠯᠡᠯᠲᠡ》 ᠶᠢ ᠭᠦᠨᠵᠡᠭᠡᠶᠢᠷᠡᠭᠦᠯᠵᠦ᠂ ᠳᠤᠮᠳᠠ ᠪᠠᠭ᠎ᠠ ᠰᠤᠷᠭᠠᠭᠤᠯᠢ ᠶᠢᠨ ᠠᠵᠢᠯ ᠤᠨ ᠪᠦᠲᠦᠮᠵᠢ ᠪᠠᠷ ᠴᠠᠯᠢᠩ ᠣᠯᠭᠤᠬᠤ ᠶᠢ ᠪᠦᠬᠦ ᠲᠠᠯ᠎ᠠ ᠪᠠᠷ ᠠᠬᠢᠭᠤᠯᠵᠤ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠬᠡᠮ ᠤᠨ ᠡᠯ᠎ᠡ ᠡᠲᠡᠭᠡᠳ ᠠᠴᠠ ᠰᠢᠶᠠᠩ ᠪᠠᠯᠭᠠᠰᠤᠨ ᠳᠤ ᠠᠷᠠᠳ ᠢ ᠬᠠᠷᠠᠭᠠᠯᠵᠠᠬᠤ ᠴᠢᠨᠠᠷᠲᠠᠢ ᠴᠡᠴᠡᠷᠯᠢᠭ ᠪᠠᠶᠢᠭᠤᠯᠬᠤ ᠶᠢ ᠵᠣᠷᠢᠭᠵᠢᠭᠤᠯᠵᠤ᠂ ᠨᠡᠩ ᠠᠷᠪᠢᠨ ᠬᠡᠤᠬᠡᠳ ᠲᠤ ᠰᠢᠯᠢᠳᠡᠭ ᠰᠤᠷᠭᠠᠨ ᠬᠦᠮᠦᠵᠢᠯ ᠬᠦᠷᠲᠡᠭᠡᠨ᠎ᠡ᠃ ᠰᠤᠷᠭᠠᠨ ᠬᠦᠮᠤᠵᠢᠯ ᠤᠨ ᠡᠬᠢ ᠪᠠᠶᠠᠯᠢᠭ ᠢ ᠰᠢᠯᠢᠳᠡᠭ ᠲᠤᠬᠢᠷᠠᠭᠤᠯᠵᠤ᠂ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠪᠤᠯᠤᠨ ᠡᠩ ᠤᠨ ᠲᠡᠭᠡᠳᠤ ᠲᠤᠮᠳᠠᠳᠤ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠦᠨᠡᠨᠬᠦ ᠲᠡᠭᠡᠭᠰᠢᠯᠡᠭᠦᠯᠦᠨ᠎ᠡ᠃ ᠲᠤᠰᠬᠠᠢ ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠤᠶᠢᠯᠡᠳᠪᠤᠷᠢᠯᠡᠯ ᠪᠤᠯᠤᠨ ᠰᠤᠷᠭᠠᠨ ᠬᠦᠮᠤᠵᠢᠯ ᠤᠨ ᠤᠶᠠᠯᠳᠤᠬᠤ ᠂ ᠰᠤᠷᠭᠠᠭᠤᠯᠢ ᠪᠤᠯᠤᠨ ᠠᠵᠤ ᠠᠬᠤᠶᠢᠯᠠᠯ ᠬᠠᠮᠵᠢᠯᠴᠠᠬᠤ ᠶᠢ ᠪᠦᠬᠦ ᠲᠠᠯ᠎ᠠ ᠪᠠᠷ  ᠠᠬᠢᠭᠤᠯᠤᠨ᠎ᠠ᠃ ᠦᠨᠳᠤᠰᠤᠲᠡᠨ ᠤ ᠰᠤᠷᠭᠠᠨ ᠬᠦᠮᠤᠵᠢᠯ ᠢ ᠬᠠᠮᠤᠭ ᠤᠷᠢᠳᠠᠪᠠᠷ ᠬᠥᠭᠵᠢᠭᠦᠯᠦᠨ᠂ ᠠᠷᠠᠳ ᠠᠴᠠ ᠡᠷᠬᠢᠯᠡᠭᠰᠡᠨ ᠰᠤᠷᠭᠠᠨ ᠬᠦᠮᠤᠵᠢᠯ᠂ ᠤᠨᠴᠠᠭᠠᠢ ᠰᠤᠷᠭᠠᠨ ᠬᠦᠮᠦᠵᠢᠯ ᠢ ᠨᠡᠶᠢᠲᠡᠮ ᠳᠤ ᠨᠢ ᠬᠥᠭᠵᠢᠭᠦᠯᠦᠨ᠎ᠡ᠃ ᠭᠤᠣᠯ ᠪᠠᠭᠰᠢ ᠨᠠᠷ ᠤᠨ ᠪᠤᠯᠪᠠᠰᠤᠷᠠᠯ᠂ ᠬᠢᠴᠢᠶᠡᠯ ᠤᠨ ᠰᠤᠳᠤᠯᠤᠯᠲᠠ ᠵᠡᠷᠭᠡ ᠲᠠᠯ᠎ᠠ ᠪᠠᠷ ᠳ᠋ᠠ ᠰᠢᠩ ᠲᠤᠭᠤᠷᠢᠭ ᠲᠠᠢ ᠬᠠᠮᠵᠢᠯᠴᠠᠭ᠎ᠠ ᠪᠠᠨ ᠨᠡᠩ ᠴᠢᠩᠭᠠᠳᠬᠠᠵᠤ᠂ ᠰᠢᠶᠠᠩ ᠪᠠᠯᠭᠠᠰᠤᠨ ᠤ ᠬᠤᠶᠠᠷ ᠰᠤᠷᠭᠠᠭᠤᠯᠢ ᠪᠤᠯᠤᠨ ᠳ᠋ᠠ ᠰᠢᠩ ᠲᠤᠭᠤᠷᠢᠭ ᠤᠨ ᠬᠠᠮᠢᠶ᠎ᠠ ᠪᠦᠬᠦᠢ ᠰᠤᠷᠭᠠᠭᠤᠯᠢ ᠲᠠᠢ ᠠᠵᠢᠯ ᠲᠦᠷᠦᠯ ᠲᠠᠢ ᠲᠡᠳᠬᠦᠬᠦ ᠶᠢ ᠪᠡᠶᠡᠯᠡᠭᠦᠯᠦᠨ᠎ᠡ᠃ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠬᠥᠯ ᠪᠦᠮᠪᠦᠭᠡᠨ ᠤ ᠲᠠᠯᠠᠪᠠᠢ ᠶᠢᠨ ᠪᠠᠶᠢᠭᠤᠯᠤᠯᠲᠠ ᠪᠤᠯᠤᠨ ᠨᠢᠭᠡᠳᠤᠭᠡᠷ ᠲᠤᠮᠳᠠᠳᠤ ᠰᠤᠷᠭᠠᠭᠤᠯᠢ᠂ ᠲᠤᠭ ᠤᠨ ᠠᠭᠤᠯᠠ ᠶᠢᠨ ᠲᠤᠮᠳᠠᠳᠤ ᠰᠤᠷᠭᠠᠭᠤᠯᠢ ᠶᠢᠨ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠶᠢᠨ ᠦᠭᠡᠷᠡᠴᠢᠯᠡᠯᠲᠡ ᠶᠢ ᠪᠡᠶᠡᠯᠡᠭᠦᠯᠵᠦ᠂ ᠰᠤᠷᠭᠠᠭᠤᠯᠢ ᠡᠷᠬᠢᠯᠡᠬᠦ ᠨᠦᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠰᠤᠷᠤᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠷᠦᠯ ᠵᠦᠢᠯ ᠤᠨ ᠡᠵᠡᠩᠨᠡᠯᠲᠡ ᠪᠤᠯᠤᠨ ᠬᠠᠮᠢᠶᠠᠷᠤᠯᠲᠠ ᠶᠢ ᠨᠡᠩ ᠲᠦᠷᠢᠮᠵᠢᠭᠦᠯᠵᠦ᠂ ᠰᠤᠷᠤᠭᠴᠢᠳ ᠤᠨ ᠢᠳᠡᠭᠡᠨ ᠤ ᠰᠢᠮ᠎ᠡ ᠲᠡᠵᠢᠭᠡᠯ ᠲᠡᠩᠴᠡᠭᠦᠷᠢᠲᠡᠢ ᠪᠠᠶᠢᠬᠤ ᠶᠢ ᠪᠠᠲᠤᠯᠠᠨ᠎ᠠ᠃ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠦᠮᠤᠵᠢᠯ ᠤᠨ《 ᠭᠤᠷᠪᠠᠨ ᠵᠠᠮᠪᠠᠷᠠᠭ᠎ᠠ ᠦᠭᠡᠢ》 ᠪᠠᠶᠢᠳᠠᠯ ᠢ ᠢᠯᠡᠭᠦᠦ ᠪᠠᠶᠢᠴᠠᠭᠠᠵᠤ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠲᠦᠷᠢᠮᠵᠢᠭᠦᠯᠵᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠲᠠᠷᠤᠭᠠᠰᠤ ᠶᠢ ᠬᠦᠩᠭᠡᠯᠡᠨ᠎ᠡ᠃     ᠡᠷᠡᠭᠦᠯ ᠴᠢᠬᠢᠷᠠᠭ ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤ ᠶᠢ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭᠲᠠᠯᠴᠠᠭ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠲᠡᠰ ᠬᠤᠪᠢᠶᠠᠨ ᠡᠮᠨᠡᠬᠦ ᠪᠤᠯᠤᠨ ᠬᠤᠰᠢᠭᠤ ᠰᠢᠶᠠᠩ ᠲᠤᠰᠬᠤᠨ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠨᠳᠤᠰᠤᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷᠢᠮᠵᠢᠶᠠᠨ ᠳᠤ ᠬᠦᠷᠬᠦ ᠶᠢ  ᠪᠠᠲᠤᠯᠠᠨ᠎ᠠ᠃ ᠪᠡᠭᠡᠵᠢᠩ ᠬᠤᠲᠠ ᠶᠢᠨ ᠬᠠᠮᠢᠶ᠎ᠠ ᠪᠦᠬᠦᠢ ᠠᠵᠢᠯ ᠲᠦᠷᠦᠯ ᠢᠶᠠᠷ ᠲᠡᠳᠬᠦᠬᠦ ᠡᠮᠨᠡᠯᠭᠡ ᠶᠢᠨ ᠬᠤᠷᠢᠶᠠᠨ ᠤ ᠡᠮᠡᠭᠲᠡᠶᠢᠴᠦᠳ ᠤᠨ ᠰᠠᠯᠭ᠎ᠠ᠂ ᠬᠡᠤᠬᠡᠳ ᠤᠨ ᠰᠠᠯᠠᠭ᠎ᠠ᠂ ᠬᠢᠲᠠᠳ ᠡᠮᠨᠡᠯᠭᠡ ᠵᠡᠷᠭᠡ ᠶᠢᠨ ᠮᠡᠷᠭᠡᠵᠢᠯᠲᠡᠨ ᠮᠠᠨ ᠤ ᠬᠤᠰᠢᠭᠤᠨ ᠳᠤ ᠢᠷᠡᠵᠦ ᠡᠮᠴᠢᠯᠡᠭᠡ ᠬᠢᠬᠦ ᠪᠤᠶᠤ ᠠᠯᠤᠰ ᠡᠵᠡᠮᠳᠡᠭᠦᠷ ᠢᠶᠠᠷ ᠤᠶᠢᠯᠡᠴᠢᠯᠡᠬᠦ ᠶᠢ ᠬᠠᠨᠳᠤᠯᠭ᠎ᠠ ᠲᠠᠢ ᠲᠤᠬᠢᠷᠠᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠲᠤ ᠶᠢ ᠠᠬᠢᠭᠤᠯᠬᠤ ᠬᠤᠰᠢᠭᠤᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠰᠢᠶᠠᠩ ᠪᠠᠯᠭᠠᠰᠤ᠂ ᠨᠡᠶᠢᠬᠡᠮ ᠲᠤᠭᠤᠷᠢᠭ᠂ ᠲᠤᠰᠬᠤᠨ ᠤ ᠪᠠᠭ᠎ᠠ ᠬᠡᠯᠪᠡᠷᠢ ᠶᠢᠨ ᠪᠡᠶ᠎ᠡ ᠴᠢᠬᠢᠷᠠᠭᠵᠢᠭᠤᠯᠬᠤ ᠲᠠᠯᠠᠪᠠᠢ ᠶᠢ ᠪᠠᠶᠢᠭᠤᠯᠵᠤ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠢ ᠠᠬᠢᠭᠤᠯᠤᠨ᠎ᠠ᠃ ᠤᠯᠤᠰ ᠤᠨ ᠲᠡᠰ ᠤᠨ ᠡᠷᠡᠭᠦᠯ ᠬᠠᠮᠠᠭᠠᠯᠠᠯ  ᠤᠨ ᠬᠤᠰᠢᠭᠤ ᠶᠢ ᠪᠠᠶᠢᠭᠤᠯᠵᠤ ᠡᠬᠢᠯᠡᠨ᠎ᠡ᠃ ᠦᠨᠳᠤᠰᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠦᠷᠦᠯ ᠵᠦᠢᠯ ᠢ ᠰᠠᠶᠢᠨ ᠬᠡᠷᠡᠭᠵᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠳᠠᠩᠰᠠ ᠶᠢ ᠲᠡᠭᠦᠯᠳᠡᠷᠵᠢᠭᠦᠯᠦᠨ᠂ ᠪᠦᠬᠦ ᠠᠷᠠᠳ ᠤᠨ ᠡᠷᠡᠭᠦᠯ ᠮᠡᠨᠳᠤ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃ ᠲᠦᠯᠦᠪᠯᠡᠭᠡᠳᠤ ᠦᠷᠡᠵᠢᠯ ᠪᠤᠯᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠴᠢᠩᠭᠠᠳᠬᠠᠨ᠂ ᠮᠤᠩᠭᠤᠯ᠂ ᠬᠢᠲᠠᠳ ᠡᠮᠨᠡᠯᠭᠡ ᠶᠢᠨ ᠤᠶᠢᠯᠡᠰ ᠤᠨ ᠬᠥᠭᠵᠢᠯᠲᠡ ᠶᠢ ᠲᠡᠮᠵᠢᠨ᠎ᠡ᠃ ᠢᠳᠠᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃     ᠰᠣᠶᠣᠯ ᠤᠨ ᠤᠶᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠲᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠤᠢ ᠶᠢᠨ ᠲᠤᠭᠤᠷᠢᠨ ᠳᠤ ᠦᠷᠭᠦᠯᠵᠢᠯᠡᠨ ᠠᠭᠤᠳᠠᠮ ᠲᠠᠯᠠᠪᠠᠢ ᠶᠢᠨ ᠲᠤᠭᠯᠠᠯᠲᠠ᠂ ᠵᠠᠯᠠᠭᠤᠴᠤᠳ ᠤᠨ ᠲᠠᠭᠤᠤᠨ ᠤ ᠤᠷᠤᠯᠳᠤᠭᠠᠨ ᠵᠡᠷᠭᠡ ᠤᠷᠤᠯᠳᠤᠭᠠᠨ ᠬᠦᠳᠡᠯᠭᠡᠭᠡᠨ ᠢ ᠰᠠᠶᠢᠨ ᠥᠷᠨᠢᠭᠦᠯᠦᠨ᠎ᠡ᠃ ᠤᠯᠠᠭᠠᠨᠮᠦ᠋ᠴᠢᠷ ᠤᠨ ᠤᠳᠬ᠎ᠠ ᠤᠷᠠᠯᠢᠭ ᠤᠨ ᠪᠦᠲᠦᠭᠡᠯ ᠢ ᠪᠦᠬᠦ ᠬᠦᠴᠦ ᠪᠠᠷ ᠲᠡᠮᠵᠢᠨ᠂ ᠴᠠᠭ ᠦᠶ᠎ᠡ ᠶᠢᠨ ᠤᠨᠴᠠᠯᠢᠭ᠂ ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠤ ᠤᠨᠴᠠᠯᠢᠭ ᠢ ᠬᠠᠷᠠᠭᠤᠯᠤᠭᠰᠠᠨ ᠨᠢᠭᠡ ᠪᠦᠯᠦᠭ ᠪᠦᠲᠦᠭᠡᠯ ᠢ ᠤᠶᠢᠯᠡᠳᠤᠨ᠎ᠡ᠃ ᠲᠡᠭᠡᠷ᠎ᠡ ᠱᠠᠲᠤᠨ ᠤ ᠲᠤᠰᠬᠠᠢ ᠪᠡᠯᠡ ᠮᠦᠩᠭᠦ ᠶᠢ ᠢᠳᠠᠪᠬᠢᠲᠠᠢ ᠡᠷᠡᠮᠡᠯᠵᠡᠵᠦ᠂ ᠤᠯᠠᠭᠠᠨᠮᠦ᠋ᠴᠢᠷ ᠤᠨ ᠠᠰᠠᠷ ᠪᠤᠯᠤᠨ ᠲᠤᠭᠯᠠᠯᠲᠠ ᠶᠢᠨ ᠲᠠᠯᠠᠪᠤᠷ ᠢ ᠦᠷᠭᠡᠳᠬᠡᠨ᠂ ᠨᠢᠭᠡᠳᠤᠭᠡᠷ ᠲᠦᠷᠦᠯ ᠤᠨ ᠤᠯᠠᠭᠠᠨᠮᠦ᠋ᠴᠢᠷ ᠪᠣᠯᠭᠠᠨ ᠪᠠᠶᠢᠭᠤᠯᠤᠨ᠎ᠠ᠃ ᠦᠨᠳᠤᠰᠤᠨ ᠱᠠᠲᠤᠨ ᠤ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠨ᠂ ᠰᠢᠶᠠᠩ ᠪᠠᠯᠭᠠᠰᠤᠨ ᠤ ᠰᠤᠶᠤᠯ ᠦᠷᠲᠡᠭᠡᠨ᠂ ᠰᠤᠶᠤᠯ ᠤᠨ ᠲᠤᠨᠤᠭ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠷᠠᠳ ᠢ ᠬᠠᠷᠠᠭᠠᠯᠵᠠᠬᠤ ᠰᠤᠶᠤᠯ ᠤᠨ ᠲᠤᠭᠯᠠᠯᠲᠠ ᠶᠢ ᠢᠯᠡᠭᠦᠦ ᠥᠷᠨᠢᠭᠦᠯᠵᠦ᠂ 150 ᠲᠠᠯᠠᠪᠠᠢ ᠶᠢ ᠪᠠᠲᠤᠯᠠᠨ᠂ ᠠᠷᠠᠳ ᠤᠯᠠᠨ ᠤ ᠤᠶᠤᠨ ᠤ ᠰᠤᠶᠤᠯ ᠤᠨ ᠱᠠᠭᠠᠷᠳᠠᠯᠭ᠎ᠠ ᠶᠢ ᠬᠠᠩᠭᠠᠨ᠎ᠠ᠃ ᠮᠢᠤ ᠽᠢ ᠭᠸᠦ ᠪᠠᠭᠤᠷᠢ ᠶᠢ ᠬᠠᠮᠠᠭᠠᠯᠠᠬᠤ ᠪᠠᠨ ᠴᠢᠩᠭᠠᠳᠬᠠᠨ᠂ ᠶᠤᠸᠠᠨ ᠤ ᠦᠶ᠎ᠡ ᠶᠢᠨ《 ᠵᠢᠨᠢᠩ ᠵᠠᠮ》 ᠬᠠᠭᠤᠴᠢᠨ ᠬᠤᠲᠠ ᠶᠢᠨ ᠪᠠᠭᠤᠷᠢ ᠶᠢ ᠤᠯᠤᠰ ᠤᠨ ᠭᠤᠤᠯᠳᠠᠯᠭ᠎ᠠ ᠲᠠᠢ ᠰᠤᠶᠤᠯ ᠤᠨ ᠪᠤᠳᠠᠰ ᠤᠨ ᠬᠠᠮᠠᠭᠠᠯᠠᠯᠲᠠ ᠶᠢᠨ ᠪᠠᠶᠢᠭᠤᠯᠭ᠎ᠠ ᠪᠠᠷ ᠡᠷᠡᠮᠡᠯᠵᠡᠬᠦ ᠠᠵᠢᠯ ᠢ ᠰᠠᠶᠢᠨ ᠬᠢᠵᠦ᠂ ᠲᠡᠤᠬᠡ ᠶᠢᠨ ᠰᠤᠶᠤᠯ ᠤᠨ ᠥᠪ ᠬᠦᠷᠦᠩᠭᠡ ᠶᠢ ᠬᠠᠮᠠᠭᠠᠯᠠᠨ᠂ ᠤᠯᠠᠮᠵᠢᠯᠠᠬᠤ ᠲᠠᠯ᠎ᠠ ᠳᠤ ᠰᠢᠨ᠎ᠡ ᠬᠠᠭᠤᠳᠠᠰᠤ ᠶᠢ ᠪᠢᠴᠢᠭᠯᠡᠨ᠎ᠡ᠃     ᠨᠡᠶᠢᠬᠡᠮ ᠤᠨ ᠠᠮᠤᠷ ᠲᠤᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠮᠡᠳᠡᠭᠡ ᠵᠠᠩᠭᠢᠴᠢᠯᠠᠯᠲᠠ᠂ ᠤᠶᠤᠨᠯᠢᠭ᠂ ᠨᠡᠶᠢᠬᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠬᠤ ᠪᠠᠨ ᠲᠦᠷᠭᠡᠳᠬᠡᠨ᠎ᠡ ᠃ ᠬᠠᠷ᠎ᠠ ᠪᠦᠯᠦᠭᠲᠡᠨ ᠬᠠᠷᠭᠢᠰ ᠬᠦᠴᠦᠨ ᠢ ᠡᠰᠡᠷᠭᠦᠴᠡᠬᠦ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠦᠨ᠎ᠡ᠃ ᠮᠠᠷᠭᠤᠯᠳᠤᠭᠠᠨ ᠵᠢᠭᠤᠷᠤᠯᠳᠤᠭᠠᠨ ᠢ ᠪᠠᠶᠢᠴᠠᠭᠠᠨ ᠰᠢᠢᠳᠪᠤᠷᠢᠯᠡᠬᠦ ᠠᠵᠢᠯ ᠢ ᠬᠡᠪ ᠤᠨ ᠪᠠᠶᠢᠳᠠᠯ ᠲᠠᠢ ᠦᠷᠭᠦᠯᠵᠢᠯᠡᠭᠦᠯᠵᠦ ᠂ ᠮᠠᠷᠭᠤᠯᠳᠤᠭᠠᠨ ᠢ ᠪᠠᠭ᠎ᠠ ᠠᠴᠠ ᠨᠢ  ᠡᠬᠢᠯᠡᠵᠦ᠂ ᠡᠷᠲᠡ ᠰᠢᠢᠳᠪᠤᠷᠢᠯᠡᠨ᠎ᠡ᠃ ᠵᠠᠬᠢᠳᠠᠯ ᠰᠤᠷᠪᠤᠯᠵᠢᠯᠠᠭ᠎ᠠ ᠶᠢ ᠬᠤᠯᠪᠤᠭᠠᠲᠤ ᠬᠤᠷᠠᠯ ᠪᠤᠯᠤᠨ ᠤᠳᠤᠷᠢᠳᠤᠯᠭ᠎ᠠ ᠠᠴᠠ ᠤᠨᠴᠠᠭᠠᠢ ᠬᠡᠷᠡᠭ ᠢ ᠳᠠᠭᠠᠭᠠᠬᠤ ᠳᠦᠷᠢᠮ ᠲᠤᠭᠲᠠᠭᠠᠯ ᠢ ᠬᠡᠷᠡᠭᠵᠢᠭᠦᠯᠦᠨ᠂ ᠭᠤᠤᠯᠳᠠᠯᠭ᠎ᠠ ᠲᠠᠢ᠂ ᠬᠦᠴᠢᠷ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠥᠪᠯᠡᠷᠡᠩᠭᠦᠢ ᠰᠢᠢᠳᠪᠤᠷᠢᠯᠡᠵᠦ᠂ ᠠᠷᠠᠳ ᠤᠯᠠᠨ ᠤ ᠵᠦᠢ ᠵᠤᠬᠢᠰᠲᠠᠢ ᠱᠠᠭᠠᠷᠳᠠᠯᠭ᠎ᠠ ᠶᠢ ᠪᠡᠶᠡᠯᠡᠭᠦᠯᠦᠨ᠎ᠡ᠃ ᠰᠢᠯᠢ ᠶᠢᠨ ᠭᠤᠣᠯ ᠠᠶᠢᠮᠠᠭ ᠤᠨ 《2.23》 ᠤ ᠬᠦᠨᠲᠤ ᠶᠡᠭᠡ ᠠᠳᠡᠯ ᠢᠶᠠᠷ ᠰᠤᠷᠭᠠᠮᠵᠢ ᠠᠪᠤᠨ᠂ ᠠᠶᠦᠯᠭᠦᠢ ᠤᠶᠢᠯᠡᠳᠪᠤᠷᠢᠯᠡᠯ ᠤᠨ ᠪᠠᠶᠢᠴᠠᠭᠠᠯᠲᠠ ᠶᠢ ᠥᠷᠨᠢᠭᠦᠯᠵᠦ᠂ ᠵᠠᠮ ᠬᠠᠷᠢᠯᠴᠠᠭ᠎ᠠ᠂ ᠠᠭᠤᠷᠬᠠᠢ ᠶᠢᠨ ᠠᠭᠤᠯᠠ᠂ ᠲᠡᠮᠤᠷ ᠬᠠᠶᠢᠯᠠᠭᠤᠯᠬᠤ ᠬᠢᠮᠢ ᠶᠢᠨ ᠤᠶᠢᠯᠡᠳᠪᠤᠷᠢ ᠵᠡᠷᠭᠡ ᠭᠤᠤᠯᠳᠠᠯᠭ᠎ᠠ ᠲᠠᠢ ᠠᠵᠤ ᠤᠶᠢᠯᠡᠰ ᠳᠤ ᠬᠢ ᠪᠠᠶᠢᠴᠠᠭᠠᠯᠲᠠ ᠪᠠᠨ ᠴᠢᠩᠭᠠᠳᠬᠠᠨ᠂ ᠲᠤᠮᠤ ᠶᠡᠭᠡ ᠠᠳᠡᠯ ᠡᠭᠦᠰᠬᠦ ᠶᠢ ᠰᠡᠷᠭᠡᠶᠢᠯᠡᠨ᠎ᠡ᠃   ᠪᠦᠬᠦ ᠤᠯᠤᠰ ᠤᠨ ᠲᠦᠷᠪᠡᠳᠤᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠡᠮᠬᠢ ᠲᠠᠷᠠᠭ᠎ᠠ  ᠲᠠᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠳᠤ ᠰᠢᠨᠵᠢᠯᠡᠬᠦ ᠤᠬᠠᠭᠠᠨᠴᠢ᠂  ᠵᠥᠪ ᠣᠨᠣᠪᠴᠢᠲᠠᠢ ᠮᠡᠳᠡᠭᠡ ᠵᠠᠩᠭᠢ ᠶᠢ ᠬᠠᠩᠭᠠᠨ᠎ᠠ᠃《 ᠦᠨᠳᠤᠰᠤᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ》 ᠪᠠᠶᠢᠭᠤᠯᠬᠤ ᠠᠵᠢᠯ ᠢ ᠪᠤᠳᠠᠳᠠᠢ ᠥᠷᠨᠢᠭᠦᠯᠵᠦ᠂ ᠦᠨᠳᠤᠰᠤᠲᠡᠨ ᠤ ᠪᠦᠯᠬᠦᠮᠳᠡᠯ ᠲᠠᠪᠰᠢᠯᠲᠠ᠂ ᠬᠥᠭᠵᠢᠯᠲᠡ ᠶᠢ ᠠᠬᠢᠭᠤᠯᠤᠨ᠎ᠠ᠃ ᠱᠠᠰᠢᠨ ᠰᠤᠷᠲᠠᠬᠤᠨ ᠤ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠤᠰᠤᠭᠠᠷ ᠴᠢᠩᠭᠠᠳᠬᠠᠨ᠂ ᠱᠠᠰᠢᠨ ᠰᠤᠷᠲᠠᠬᠤᠨ ᠤ  ᠬᠦᠷᠢᠶ᠎ᠡ ᠴᠠᠷᠢᠶᠠᠨ ᠤ ᠠᠮᠤᠷ ᠲᠤᠭᠲᠠᠭᠤᠨ ᠢ ᠪᠠᠲᠤᠯᠠᠨ᠎ᠠ᠃ ᠴᠡᠷᠢᠭ ᠠᠴᠠ ᠬᠠᠯᠠᠭᠳᠠᠭᠰᠠᠨ ᠤ ᠤᠶᠢᠯᠡᠴᠢᠯᠡᠭᠡ ᠬᠠᠮᠢᠶᠠᠷᠤᠯᠲᠠ ᠶᠢ ᠨᠡᠶᠢᠳᠡᠮ ᠳᠤ ᠨᠢ ᠰᠠᠶᠢᠨ ᠬᠢᠵᠦ᠂ ᠠᠬᠠᠮᠠᠳ ᠺᠠᠳ᠋ᠷ᠂ ᠨᠠᠰᠤᠲᠠᠶᠢᠴᠤᠳ᠂ ᠵᠠᠯᠠᠭᠤ ᠪᠠᠭᠠᠴᠤᠳ ᠪᠤᠯᠤᠨ ᠬᠤᠶᠢᠴᠢ ᠦᠶ᠎ᠡ ᠶᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠨ ᠬᠢᠨ᠎ᠡ᠃(ᠳᠤᠯᠤᠭ᠎ᠠ)ᠦᠪᠡᠷ ᠤᠨ ᠪᠦᠲᠦᠭᠡᠨ ᠪᠠᠶᠢᠭᠤᠯᠤᠯᠲᠠ ᠢᠶᠠᠨ ᠴᠢᠩᠭᠠᠳᠬᠠᠵᠤ᠂ ᠠᠷᠠᠳ ᠤᠨ ᠰᠠᠨᠠᠭᠠᠨ ᠳᠤ ᠬᠦᠷᠦᠭᠰᠡᠨ ᠵᠠᠰᠠᠭ ᠤᠨ ᠤᠷᠳᠤᠨ ᠢ ᠪᠠᠶᠢᠭᠤᠯᠤᠨ᠎ᠠ᠃      ᠤᠯᠤᠰ ᠲᠦᠷᠥ ᠶᠢᠨ ᠵᠤᠭᠰᠤᠯᠲᠠ ᠡᠷᠡᠰ ᠪᠠᠲᠤ᠂ ᠡᠭᠦᠷᠭᠡ ᠬᠠᠷᠢᠭᠤᠴᠠᠯᠭ᠎ᠠ ᠳᠤ ᠪᠠᠨ ᠦᠨᠡᠨᠴᠢ ᠰᠢᠳᠤᠷᠭᠤ᠃ ᠰᠢ   ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂《ᠲᠦᠷᠪᠡᠨ ᠤᠬᠠᠮᠰᠡᠷ》《ᠲᠦᠷᠪᠡᠨ ᠭᠤᠶᠢᠪᠠᠰᠢ ᠦᠭᠡᠢ》 ᠢ ᠪᠤᠢ ᠪᠤᠯᠭᠠᠵᠤ᠂《ᠬᠤᠶᠠᠷ ᠢ ᠬᠠᠮᠠᠭᠠᠯᠠᠬᠤ》 ᠶᠢ ᠡᠷᠡᠰ ᠭᠦᠢᠴᠡᠳᠬᠡᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠡ ᠶᠢᠨ ᠦᠨᠳᠦᠷᠴᠠ  ᠲᠠᠢ ᠬᠠᠮᠲᠤ ᠪᠠᠶᠢᠯᠭᠠᠵᠤ᠂ ᠨᠠᠮ ᠤᠨ ᠪᠠᠶᠢᠭᠤᠯᠤᠯᠲᠠ ᠶᠢ ᠪᠦᠬᠦᠨ ᠢᠶᠠᠷ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠤᠯᠤᠨ ᠴᠢᠩᠭᠠᠳᠬᠠᠬᠤ ᠶᠢ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ ᠳᠤ ᠨᠠᠶᠢᠳᠠᠪᠦᠷᠢᠵᠢᠭᠤᠯᠤᠨ᠎ᠠ᠃ ᠨᠡᠶᠢᠭᠡᠮ ᠤᠨ ᠤᠬᠠᠮᠰᠡᠷ ᠪᠠ ᠠᠵᠢᠯ ᠤᠨ ᠬᠠᠷᠢᠴᠠᠭᠤᠯᠭ᠎ᠠ ᠶᠢᠨ ᠲᠤᠭᠲᠠᠯᠴᠠᠭ᠎ᠠ ᠶᠢ ᠦᠨᠡᠨᠴᠢ ᠬᠢᠨᠠᠮᠠᠭᠠᠢ ᠨᠠᠶᠢᠳᠠᠪᠦᠷᠢᠵᠢᠭᠤᠯᠵᠤ᠂ ᠨᠠᠮ ᠪᠤᠯᠤᠨ ᠲᠦᠷᠥ ᠶᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠬᠦᠭᠵᠢᠭᠦᠯᠦᠨ᠎ᠡ᠃ ᠲᠡᠭᠡᠲᠦ ᠱᠠᠲᠤᠨ ᠤ ᠨᠠᠮ ᠤᠨ  ᠬᠤᠷᠢᠶ᠎ᠡ᠂ ᠵᠠᠰᠠᠭ ᠤᠨ ᠣᠷᠳᠤᠨ ᠪᠠ ᠬᠤᠰᠢᠭᠤᠨ ᠤ ᠨᠠᠮ ᠤᠨ ᠬᠤᠷᠢᠶ᠎ᠡ ᠶᠢᠨ  ᠲᠤᠭᠲᠠᠭᠠᠭᠰᠠᠨ ᠳᠦᠷᠢᠮ ᠲᠤᠭᠲᠠᠭᠠᠯ ᠢ ᠪᠠᠲᠤ ᠨᠠᠶᠢᠳᠠᠪᠦᠷᠢᠵᠢᠭᠤᠯᠵᠤ᠂ ᠲᠦᠷᠥ ᠶᠢᠨ ᠲᠤᠰᠢᠶᠠᠯ ᠢ ᠰᠠᠭᠠᠳ ᠦᠭᠡᠢ᠂  ᠴᠢᠩᠭ᠎ᠠ ᠬᠡᠷᠡᠭᠵᠢᠭᠦᠯᠬᠦ ᠶᠢ  ᠪᠠᠲᠤᠯᠠᠨ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ  ᠠᠬᠢᠭᠤᠯᠵᠤ᠂ ᠬᠠᠤᠯᠢ ᠪᠠᠷ ᠵᠠᠰᠠᠬᠤ ᠵᠠᠰᠠᠭ  ᠤᠨ ᠣᠷᠳᠣᠨ ᠢ ᠪᠠᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨᠡᠮ᠃ ᠵᠠᠰᠠᠭ  ᠤᠨ ᠶᠠᠪᠤᠳᠠᠯ ᠢ ᠢᠯᠠ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠥᠷᠭᠡᠨ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠤᠯᠠᠨ ᠨᠡᠶᠢᠲᠡ ᠶᠢᠨ ᠬᠢᠨᠠᠯᠲᠠ ᠪᠠ  ᠨᠡᠶᠢᠬᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠬᠦ ᠪᠣᠯᠭᠠᠨ᠎ᠠ᠃ ︽ᠭᠤᠷᠪᠠᠨ ᠴᠢᠬᠤᠯᠠ ᠨᠢᠭᠡ ᠶᠡᠭᠡ︾ ᠶᠢᠨ  ᠰᠢᠢᠳᠪᠤᠷᠢᠲᠦ ᠪᠣᠳᠣᠯᠭ᠎ᠠ ᠲᠣᠭᠲᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠤᠷᠢᠲᠦ ᠪᠣᠳᠣᠯᠭ᠎ᠠ ᠲᠣᠭᠲᠠᠭᠠᠨ᠎ᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠬᠡᠷᠡᠭᠵᠢᠭᠦᠯᠵᠦ᠂  ᠨᠡᠶᠢᠬᠡᠮ ᠳᠠᠶᠠᠭᠠᠷ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ  ᠳᠦᠷᠢᠮᠵᠢᠭᠦᠯᠬᠦ ᠪᠠᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠵᠦ᠂ ᠬᠠᠤᠯᠢ ᠪᠠᠷ ᠵᠠᠰᠠᠬᠤ ᠵᠠᠰᠠᠭ  ᠤᠨ ᠣᠷᠳᠣᠨ ᠤ ᠪᠠᠢᠭᠤᠯᠤᠯᠲᠠ ᠶᠢ ︽ᠲᠦᠷᠭᠡᠨ ᠵᠠᠮ︾ ᠳᠤ ᠲᠦᠯᠬᠢᠨ ᠠᠬᠢᠭᠤᠯᠤᠨ᠎ᠠ᠃      ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ ᠶᠢ ᠳᠣᠪᠤᠶᠢᠯᠭᠠᠵᠤ᠂ ᠰᠤᠷᠲᠠᠯ ᠤᠨ ᠪᠠᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ  ᠤᠨ ᠵᠣᠷᠢᠭ ᠰᠠᠨᠠᠭ᠎ᠠ ᠶᠢ ᠦᠷᠭᠦᠯᠵᠢᠯᠡᠨ ᠲᠤᠤᠱᠯᠠᠭᠤᠯᠤᠨ  ᠨᠠᠶᠢᠲᠠᠪᠤᠷᠢᠵᠢᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠬᠤᠷᠠᠯ ᠤᠨ ᠪᠢᠴᠢᠭ ᠮᠠᠲ᠋ᠧᠷᠢᠶᠠᠯ ᠢ ᠬᠦᠴᠦᠯᠡᠨ ᠴᠣᠮᠬᠠᠳᠬᠠᠵᠤ᠂ ᠬᠤᠷᠠᠯ ᠢᠶᠠᠷ ᠬᠤᠷᠠᠯ ᠢ ᠨᠠᠢᠳᠠᠪᠤᠷᠢᠵᠢᠭᠤᠯᠬᠤ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠶᠢ ᠡᠷᠡᠰ ᠬᠤᠷᠢᠭᠯᠠᠨ᠎ᠠ᠃ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠦᠨᠡᠨ ᠠᠳᠬᠤᠵᠤ ᠪᠣᠳᠠᠲᠠᠶ ᠪᠠᠷ ᠬᠢᠬᠦ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠵᠤ᠂ ᠣᠪᠣᠷ ᠢᠶᠠᠨ ᠢᠯᠡᠳᠬᠡᠬᠦ ᠨᠢ ᠠᠷᠪᠢᠨ᠂ ᠬᠥᠭ ᠠᠶᠠᠰ ᠨᠢ ᠥᠨᠳᠥᠷ᠂ ᠠᠵᠢᠯᠯᠠᠭ᠎ᠠ ᠨᠢ ᠴᠥᠭᠡᠨ᠂ ᠨᠠᠶᠢᠳᠠᠪᠤᠷᠢᠵᠢᠭᠤᠯᠤᠯᠲᠠ ᠨᠢ ᠠᠨᠠᠶ ᠵᠡᠷᠭᠡ ᠲᠣᠪᠦ᠋ᠮ᠎ᠠ ᠠᠰᠠᠭᠤᠳᠠᠯ ᠢ ᠬᠦᠴᠦᠯᠡᠨ  ᠰᠢᠢᠳᠪᠤᠷᠢᠯᠡᠨ᠎ᠡ᠃ ᠭᠤᠤᠯᠳᠠᠯᠭ᠎ᠠ ᠲᠠᠢ ᠠᠵᠢᠯ᠂ ᠴᠢᠬᠤᠯᠠ ᠶᠡᠭᠡ ᠲᠥᠷᠥᠯ  ᠵᠦᠢᠯ ᠳᠤ ᠳᠠᠩᠰᠠ ᠬᠠᠷ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠶ ᠬᠥᠮᠥᠨ ᠲᠣᠬᠢᠷᠠᠭᠤᠯᠤᠨ ᠰᠢᠮᠳᠠᠭᠤᠯᠤᠨ ᠪᠠᠶᠢᠴᠠᠭᠠᠵᠤ᠂ ᠡᠯ᠎ᠡ  ᠵᠦᠢᠯ ᠤᠨ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠵᠠᠰᠠᠭ  ᠤᠨ ᠣᠷᠳᠣᠨ ᠤ ᠰᠢᠰᠲ᠋ᠧᠮ ᠤᠨ  ᠭᠦᠢᠴᠡᠳᠬᠡᠬᠦ ᠬᠦᠴᠦᠨ ᠪᠠ ᠪᠣᠳᠠᠲᠤ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠤᠬᠠᠢ ᠶᠢᠨ ᠲᠠᠯᠠᠪᠤᠷ ᠲᠤᠨᠢ ᠠᠵᠢᠯᠯᠠᠬᠤ ᠪᠠ ᠱᠠᠯᠠᠪᠳᠠᠭᠤᠯᠤᠨ ᠪᠠᠢᠴᠠᠭᠠᠬᠤ ᠠᠵᠢᠯ ᠢ ᠴᠢᠩᠭᠠᠳᠬᠠᠵᠤ᠂ ᠦᠨᠳᠦᠰᠦᠨ ᠱᠠᠲᠤ ᠨᠢᠭᠡᠳᠦᠭᠡᠷ ᠹᠷᠣᠨᠲ ᠳᠤ ᠭᠦᠨᠵᠡᠭᠡᠶᠢᠷᠡᠵᠦ ᠤᠯᠠᠨ ᠲᠦᠮᠡᠨ ᠤ ᠰᠠᠨᠠᠯ ᠢ ᠰᠣᠨᠣᠰᠴᠤ᠂ ᠠᠰᠠᠭᠤᠳᠠᠯ ᠢ ᠨᠢᠭᠡᠳᠦᠭᠡᠷ ᠹᠷᠣᠨᠲ ᠳᠤ ᠰᠢᠢᠳᠪᠦᠷᠢᠯᠡᠬᠦ ᠶᠢ ᠠᠬᠢᠭᠤᠯᠵᠤ᠂ ᠠᠵᠢᠯ ᠢ ᠨᠢᠭᠡᠳᠦᠭᠡᠷ ᠹᠷᠣᠨᠲ ᠳᠤ ᠨᠠᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠨᠢᠭᠡᠳᠦᠭᠡᠷ ᠹᠷᠣᠨᠲ ᠳᠤ ᠰᠢᠯᠭᠠᠨ ᠪᠠᠶᠢᠴᠠᠭᠠᠨ᠎ᠠ  ᠃     ᠵᠠᠰᠠᠭ  ᠢ  ᠴᠢᠩᠭ᠎ᠠ ᠵᠠᠰᠠᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠮᠥᠨ ᠴᠢᠨᠠᠷ ᠢ ᠪᠠᠲᠤᠯᠠᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ  ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠢᠴᠡᠳᠬᠡᠵᠦ᠂ ᠵᠠᠰᠠᠭ  ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠦᠨᠡᠨ ᠬᠦ ᠴᠢᠩᠭᠠᠳᠬᠠᠨ᠎ᠠ᠃ ᠬᠢᠨᠠᠨ ᠪᠣᠳᠣᠬᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ  ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ  ᠳᠦᠷᠢᠮ ᠢ ᠴᠢᠩᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠤᠷᠢᠯᠡᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠡᠮ ᠡᠮᠨᠡᠯᠭᠡ ᠶᠢᠨ ᠰᠤᠷᠭᠠᠨ ᠬᠥᠮᠦᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠠᠬᠢ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠢᠳᠡᠬᠦ ᠠᠪᠬᠤ ᠭᠠᠴᠢᠬᠤ ᠨᠡᠬᠡᠬᠦ ᠵᠡᠷᠭᠡ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠲᠥᠪ ᠴᠢᠬᠡᠴᠢ ᠬᠡᠪ ᠰᠤᠷᠲᠠᠯ ᠪᠦᠬᠦᠢ ᠤᠯᠤᠰ ᠲᠥᠷᠥ ᠶᠢᠨ ᠠᠮᠢ ᠠᠬᠤᠶ ᠪᠠ ᠨᠡᠶᠢᠬᠡᠮ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃     ᠲᠥᠯᠥᠭᠡᠯᠡᠭᠴᠢᠳ ᠡ᠂ ᠡᠭᠦᠷᠭᠡ ᠬᠠᠷᠢᠭᠤᠴᠠᠯᠭ᠎ᠠ ᠶᠢᠨ ᠭᠤᠣᠯᠳᠠᠯᠭ᠎ᠠ ᠨᠢ ᠡᠭᠦᠷᠭᠡᠯᠡᠬᠦ ᠳᠤ ᠪᠣᠶ᠂ ᠦᠨᠡᠨ ᠪᠣᠳᠠᠲᠠᠢ ᠠᠵᠢᠯᠯᠠᠪᠠᠯ ᠭᠡᠷᠡᠯ ᠰᠠᠴᠤᠷᠠᠩᠭᠤᠢ ᠠᠮᠵᠢᠯᠲᠠ ᠶᠢ ᠪᠦᠲᠦᠭᠡᠵᠦ ᠴᠢᠳᠠᠨ᠎ᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠣᠯᠤᠭᠰᠠᠨ ᠠᠮᠵᠢᠯᠲᠠ ᠶᠢ ᠪᠣᠯ ᠥᠷᠭᠡᠨ ᠤᠯᠠᠨ ᠺᠠᠳ᠋ᠷ ᠤᠯᠠᠨ ᠲᠦᠮᠡᠨ ᠬᠢᠵᠦ ᠪᠦᠲᠦᠭᠡᠭᠰᠡᠨ ᠶᠤᠮ᠂ ᠲᠠᠬᠢᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠶᠢ ᠪᠠᠰᠠ ᠪᠣᠳᠠᠲᠠᠢ ᠠᠵᠢᠯᠯᠠᠬᠤ ᠳᠤ ᠲᠦᠰᠢᠭᠯᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠬᠡᠮ  ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠷᠭᠠᠭᠤ ᠠᠵᠢᠯᠯᠠᠬᠤ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠰᠢᠭᠲᠠᠢ ᠪᠠᠶᠢᠳᠠᠯ ᠢ ᠠᠰᠢᠭᠯᠠᠨ᠂ ᠬᠦᠴᠢᠷ ᠢ ᠰᠥᠷᠦᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠰᠠᠭᠤᠷᠢ ᠶᠢ ᠲᠠᠯᠪᠢᠵᠤ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠳᠤ ᠪᠡᠯᠡᠭ ᠬᠦᠷᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11001999号-2