9 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠣᠤᠷ ᠪᠥᠮᠪᠦᠭᠡ ᠶᠢᠨ ᠨᠡᠶᠢᠭᠡᠮᠯᠢᠭ ᠠᠴᠠ | ᠭᠤᠤᠯᠯᠠᠨ ᠡᠷᠬᠢᠯᠡᠵᠦ᠂ ᠬᠤᠲᠠ ᠶᠢᠨ ᠲᠣᠤᠷ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ | ᠥᠪᠡᠷᠲᠡᠭᠡᠨ ᠵᠠᠰᠠᠬᠤ ᠣᠷᠣᠨ ᠤ 27 ᠳ᠋ᠤᠭᠠᠷ ᠬᠤᠭᠤᠴᠠᠭᠠᠨ ᠤ ᠢᠳᠡᠷᠴᠤᠳ ᠵᠠᠯᠠᠭᠤᠴᠤᠳ ᠤᠨ ᠲᠣᠤᠷ | ᠪᠥᠮᠪᠦᠭᠡ ᠶᠢᠨ ᠤᠷᠤᠯᠳᠤᠭᠠᠨ ᠬᠤᠲᠠ ᠶᠢᠨ ᠲᠣᠤᠷ ᠪᠥᠮᠪᠦᠭᠡ ᠶᠢᠨ ᠤᠷᠳᠤᠨ ᠳᠤ ᠡᠬᠢᠯᠡᠵᠦ᠂ ᠪᠥᠬᠦ ᠣᠷᠣᠨ ᠤ 13 | ᠲᠥᠯᠥᠭᠡᠯᠡᠭᠴᠢᠳ ᠤᠨ ᠠᠩᠭᠢ ᠶᠢᠨ 220 ᠭᠠᠷᠤᠶ ᠲᠠᠮᠢᠷᠴᠢᠨ ᠤᠷᠤᠯᠳᠤᠭᠠᠨ ᠳᠤ ᠤᠷᠤᠯᠴᠠᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠲᠤᠤᠷ ᠪᠦᠮᠪᠦᠭᠡᠨ ᠤ | ᠨᠡᠶᠢᠭᠡᠮᠯᠢᠭ ᠤᠨ ᠲᠡᠷᠢᠭᠦᠯᠡᠭᠴᠢ ᠶᠢᠨ ᠵᠢᠶᠦ᠋ᠨ ᠬᠠᠢ ᠤᠷᠤᠯᠳᠤᠭᠠᠨ ᠡᠬᠢᠯᠡᠬᠦ ᠶᠣᠰᠣᠯᠠᠯ ᠳᠤ ᠣᠷᠣᠯᠴᠠᠪᠠ᠃ | ᠤᠷᠤᠯᠳᠤᠭᠠᠨ ᠡᠬᠢᠯᠡᠬᠦ ᠶᠣᠰᠣᠯᠠᠯ ᠳᠡᠭᠡᠷ᠎ᠡ᠂ ᠲᠠᠮᠢᠷᠴᠢᠨ ᠤ ᠲᠥᠯᠥᠭᠡᠯᠡᠭᠴᠢ ᠪᠣᠯᠤᠨ ᠬᠢᠨᠠᠭᠴᠢ ᠶᠢᠨ | ᠲᠥᠯᠥᠭᠡᠯᠡᠭᠴᠢ ᠲᠣᠰ ᠲᠣᠰ ᠲᠠᠩᠭᠠᠷᠢᠭᠯᠠᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠬᠦᠨᠳᠦᠲᠦ | ᠵᠣᠴᠢᠳ ᠪᠥᠮᠪᠦᠭᠡ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ 27 ᠳ᠋ᠤᠭᠠᠷ ᠬᠤᠭᠤᠴᠠᠭᠠᠨ ᠤ ᠢᠳᠡᠷᠴᠤᠳ | ᠵᠠᠯᠠᠭᠤᠴᠤᠳ ᠤᠨ ᠲᠣᠤᠷ ᠪᠥᠮᠪᠦᠭᠡ ᠶᠢᠨ ᠤᠷᠤᠯᠳᠤᠭᠠᠨ ᠤ ᠬᠦᠰᠢᠭᠡ ᠶᠢ ᠵᠢᠩᠬᠢᠨᠢ ᠪᠠᠷ ᠰᠡᠬᠦᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠪᠦᠯᠬᠦᠮ ᠤᠨ ᠤᠷᠤᠯᠳᠤᠭᠠᠨ ᠪᠠ ᠳᠠᠩ ᠵᠦᠢᠯ ᠤᠨ | ᠤᠷᠤᠯᠳᠤᠭᠠᠨ ᠭᠡᠵᠦ ᠬᠤᠪᠢᠶᠠᠨ᠎ᠠ᠂ ᠤᠷᠤᠯᠳᠤᠭᠠᠨ ᠳᠤ ᠳᠤᠮᠳᠠᠳᠤ ᠤᠯᠤᠰ ᠤᠨ ᠲᠣᠤᠷ ᠪᠥᠮᠪᠦᠭᠡ ᠶᠢᠨ | ᠨᠡᠶᠢᠭᠡᠮᠯᠢᠭ ᠤᠨ ᠬᠠᠮᠤᠭ ᠤᠨ ᠰᠢᠨ᠎ᠡ ᠬᠢᠨᠠᠨ ᠲᠣᠭᠲᠠᠭᠠᠭᠰᠠᠨ ᠲᠣᠤᠷ ᠪᠥᠮᠪᠦᠭᠡ ᠶᠢᠨ ᠤᠷᠤᠯᠳᠤᠭᠠᠨ ᠤ ᠳᠦᠷᠢᠮ ᠢ | ᠬᠡᠷᠡᠭᠯᠡᠵᠦ᠂ ᠪᠦᠯᠬᠦᠮ ᠤᠨ ᠤᠷᠤᠯᠳᠤᠭᠠᠨ ᠤ ᠲᠦᠷᠦᠭᠦᠤ ᠭᠤᠷᠪᠠ ᠶᠢ ᠱᠠᠩᠨᠠᠨ ᠬᠥᠬᠢᠭᠦᠯᠬᠦ ᠶᠢᠨ ᠬᠠᠮᠲᠤ ᠱᠠᠩᠨᠠᠯ ᠤᠨ | ᠮᠧᠳᠠᠯ ᠣᠯᠭᠤᠵᠤ᠂ ᠳᠠᠩ ᠵᠦᠢᠯ ᠤᠨ ᠤᠷᠤᠯᠳᠤᠭᠠᠨ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠪᠠᠷ ᠪᠣᠳᠠᠲᠠᠶ | ᠨᠡᠷᠡᠰ ᠤᠨ ᠳᠠᠷᠠᠭᠠᠯᠠᠯ ᠢ ᠲᠣᠭᠲᠠᠭᠠᠬᠤ ᠶᠢᠨ ᠬᠠᠮᠲᠤ ᠲᠠᠮᠢᠷᠴᠢᠳ ᠲᠤ ᠱᠠᠩᠨᠠᠯ ᠤᠨ ᠦᠨᠡᠮᠯᠡᠯ ᠪᠠ ᠱᠠᠩᠨᠠᠯ ᠤᠨ ᠪᠤᠳᠠᠰ | ᠣᠯᠭᠤᠨ᠎ᠠ᠃ | ᠲᠣᠰ ᠤᠳᠠᠭᠠᠨ ᠤ ᠡᠮᠡᠭᠲᠡᠶ ᠶᠢᠨ ᠢᠳᠡᠷᠴᠣᠳ ᠤᠨ ᠪᠦᠯᠬᠦᠮ ᠪᠠ ᠡᠮᠡᠭᠲᠡᠶ ᠶᠢᠨ ᠬᠤᠤᠰᠯᠠᠨ ᠴᠣᠬᠢᠬᠤ | ᠤᠷᠤᠯᠳᠤᠭᠠᠨ ᠳᠤ ᠣᠷᠣᠯᠴᠠᠭᠰᠠᠨ ᠦᠬᠠᠶ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠲᠠᠮᠢᠷᠴᠢᠨ ᠵᠧᠤ ᠯᠢ | ᠶᠦᠨ᠄ ︽ᠤᠯᠠᠭᠠᠨᠴᠠᠪ ᠤᠨ ᠠᠭᠤᠷ ᠠᠮᠢᠰᠬᠤᠯ ᠰᠡᠷᠢᠭᠦᠨ ᠳᠠᠭᠠᠯᠠᠮᠵᠢᠳᠠᠢ᠂ ᠠᠭᠠᠷ ᠨᠢ ᠰᠢᠨ᠎ᠡ ᠰᠣᠷᠭᠤᠭ᠂ | ᠬᠤᠲᠠ ᠶᠢᠨ ᠣᠷᠴᠢᠨ ᠲᠣᠭᠤᠷᠢᠨ ᠭᠤᠶᠢᠳᠠ ᠰᠠᠶᠢᠬᠠᠨ᠂ ᠤᠷᠤᠯᠳᠤᠭᠠᠨ ᠤ ᠲᠠᠯᠠᠪᠤᠷ ᠣᠷᠳᠣᠨ ᠤ ᠬᠠᠲᠠᠭᠤ ᠵᠥᠭᠡᠯᠡᠨ | ᠲᠤᠨᠤᠭ ᠲᠥᠬᠦᠭᠡᠷᠦᠮᠵᠢ ᠪᠦᠷᠢᠨ ᠬᠦᠢᠴᠡᠳ᠂ ᠤᠷᠤᠯᠳᠤᠭᠠᠨ ᠤ ᠪᠠᠲᠤᠯᠠᠭ᠎ᠠ ᠶᠢᠨ ᠦᠢᠯᠡᠴᠢᠯᠡᠭᠡ ᠮᠠᠰᠢ ᠰᠠᠶᠢᠨ᠃ | ᠤᠷᠤᠯᠳᠤᠭᠠᠨ ᠢ ᠳᠠᠭᠠᠭᠠᠴᠢᠯᠠᠨ ᠡᠷᠬᠢᠯᠡᠭᠰᠡᠨ ᠲᠠᠯ᠎ᠠ ᠶᠢᠨ ᠬᠢᠨ ᠪᠦᠬᠦ ᠣᠷᠣᠨ ᠤ ᠲᠣᠤᠷ ᠪᠥᠮᠪᠦᠭᠡ | ᠰᠣᠨᠢᠷᠬᠠᠭᠴᠢᠳ ᠲᠤ ᠴᠤᠭ ᠵᠢᠪᠬᠤᠭ᠎ᠠ ᠪᠠᠨ ᠭᠠᠶᠢᠬᠠᠭᠤᠯᠬᠤ᠂ ᠰᠠᠨᠠᠯ ᠢᠶᠠᠨ ᠰᠣᠯᠢᠯᠴᠠᠬᠤ᠂ ᠨᠥᠬᠦᠷᠯᠡᠯ ᠢᠶᠠᠨ | ᠵᠤᠵᠠᠭᠠᠳᠬᠠᠬᠤ ᠲᠠᠪᠴᠠᠩ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠢᠷᠡᠬᠦ ᠭᠤᠷᠪᠠᠨ ᠡᠳᠦᠷ ᠤᠨ ᠤᠷᠤᠯᠳᠤᠭᠠᠨ ᠳᠤ | ᠦᠬᠠᠶ ᠬᠤᠲᠠ ᠶᠢᠨ ᠲᠥᠯᠥᠭᠡᠯᠡᠭᠴᠢᠳ ᠤᠨ ᠠᠩᠭᠢ ᠠᠯᠲᠠᠠ ᠮᠧᠳᠠᠯ ᠮᠥᠩᠬᠦᠨ ᠮᠧᠳᠠᠯ ᠣᠯᠬᠤ ᠪᠠᠷ ᠴᠢᠷᠮᠠᠶᠢᠵᠤ᠂ | ᠰᠢᠯᠢᠳᠡᠭ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ︾ ᠬᠡᠪᠡ᠃ ᠤᠯᠠᠭᠠᠨᠴᠠᠪ ᠬᠤᠲᠠ ᠶᠢᠨ | ᠲᠥᠯᠥᠭᠡᠯᠡᠭᠴᠢᠳ ᠤᠨ ᠠᠩᠭᠢ ᠶᠢᠨ ᠳᠠᠰᠬᠠᠯᠵᠢᠭᠤᠯᠤᠭᠴᠢ ᠯᠢᠦ ᠶᠣᠣ ᠼᠦᠨ᠄ ︽ᠬᠡᠳᠦ᠋ᠢᠪᠡᠷ ᠮᠠᠨ ᠤ ᠬᠤᠲᠠ ᠶᠢᠨ | ᠲᠣᠤᠷ ᠪᠥᠮᠪᠦᠭᠡ ᠶᠢᠨ ᠬᠥᠳᠡᠯᠭᠡᠭᠡᠨ ᠤ ᠡᠬᠢᠯᠡᠭᠰᠡᠨ ᠨᠢ ᠤᠷᠤᠢ᠂ ᠲᠠᠮᠢᠷᠴᠢᠳ ᠤᠨ ᠪᠣᠳᠠᠲᠤ ᠬᠦᠴᠦᠨ ᠪᠠᠭᠤᠷᠠᠶ᠂ | ᠪᠤᠰᠤᠳ ᠠᠶᠢᠮᠠᠭ ᠬᠤᠲᠠ ᠶᠢᠨ ᠲᠥᠯᠥᠭᠡᠯᠡᠭᠴᠢᠳ ᠤᠨ ᠠᠩᠭᠢ ᠲᠠᠢ ᠬᠠᠷᠢᠴᠠᠭᠤᠯᠪᠠᠯ ᠵᠥᠷᠢᠶ᠎ᠡ ᠲᠠᠢ ᠭᠡᠳᠡᠭ ᠪᠣᠯᠪᠠᠴᠤ | ᠂ ᠮᠠᠨ ᠤ ᠲᠠᠮᠢᠷᠴᠢᠳ ᠤᠨ ᠡᠳᠦᠷ ᠲᠣᠲᠤᠮ ᠤᠨ ᠪᠣᠯᠪᠠᠰᠤᠷᠠᠯ ᠲᠤᠩ ᠬᠠᠲᠠᠭᠤᠵᠢᠯᠲᠠᠶ᠂ ᠲᠡᠳᠡᠨ ᠤ ᠴᠤᠭ ᠵᠢᠪᠬᠤᠭ᠎ᠠ | ᠲᠡᠭᠦᠯᠳᠡᠷ᠂ ᠲᠡᠮᠡᠴᠡᠯ ᠤᠨ ᠵᠣᠷᠢᠭ ᠪᠠᠳᠠᠷᠠᠩᠭᠤᠶ ᠪᠠᠶᠢᠳᠠᠯ ᠢ ᠨᠢ ᠦᠵᠡᠭᠡᠳ᠂ ᠲᠡᠳᠡ ᠯᠠᠪᠳᠠᠢ ᠤᠯᠠᠭᠠᠨᠴᠠᠪ | ᠬᠤᠲᠠ ᠳᠤ ᠠᠮᠵᠢᠯᠲᠠ ᠣᠯᠵᠦ ᠦᠭᠭᠦᠵᠦ ᠳᠡᠶᠢᠯᠦᠨ᠎ᠡ ᠭᠡᠳᠡᠭ ᠢ ᠢᠲᠡᠭᠡᠵᠦ ᠪᠠᠶᠢᠨ᠎ᠠ︾ ᠬᠡᠪᠡ᠃ | ᠡᠨᠡ ᠵᠢᠯ᠂ ᠤᠯᠠᠭᠠᠨᠴᠠᠪ ᠬᠤᠲᠠ ᠶᠢᠨ ᠬᠢᠨ ᠲᠣᠤᠷ ᠪᠥᠮᠪᠦᠭᠡ ᠶᠢᠨ ᠬᠥᠳᠡᠯᠭᠡᠭᠡᠨ ᠤ ᠪᠥᠬᠦ ᠬᠤᠲᠠ ᠳᠤ | ᠲᠦᠭᠡᠮᠡᠯᠵᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠤᠲᠠ ᠶᠢᠨ ᠵᠢᠭᠤᠯᠴᠢᠯᠠᠯ ᠤᠨ ᠰᠣᠶᠣᠯ ᠤᠨ | ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠲᠠᠢ ᠤᠶᠠᠯᠳᠤᠭᠤᠯᠤᠨ᠂ ᠤᠯᠠᠭᠠᠨᠴᠠᠪ ᠬᠦᠴᠦᠨ ᠢᠶᠠᠨ | ᠲᠥᠪᠯᠡᠷᠡᠭᠦᠯᠦᠨ 2019 ITF ᠳᠡᠯᠡᠬᠡᠶ ᠶᠢᠨ ᠡᠮᠡᠭᠲᠡᠶ ᠶᠢᠨ ᠲᠣᠤᠷ ᠪᠥᠮᠪᠦᠭᠡ ᠶᠢᠨ ᠲᠣᠭᠤᠷᠢᠨ ᠤᠷᠤᠯᠳᠤᠬᠤ | ᠤᠷᠤᠯᠳᠤᠭᠠᠨ · ᠤᠯᠠᠭᠠᠨᠴᠠᠪ ᠥᠷᠲᠡᠭᠡ᠂ 2019 ITF ᠣᠯᠠᠨ ᠤᠯᠤᠰ ᠤᠨ ᠠᠬᠠᠮᠠᠳ ᠦᠶ᠎ᠡ ᠶᠢᠨ ᠬᠢᠨ ᠤ ᠲᠣᠤᠷ | ᠪᠥᠮᠪᠦᠭᠡ ᠶᠢᠨ ᠲᠣᠭᠤᠷᠢᠨ ᠤᠷᠤᠯᠳᠤᠬᠤ ᠤᠷᠤᠯᠳᠤᠭᠠᠨ · ᠤᠯᠠᠭᠠᠨᠴᠠᠪ ᠥᠷᠲᠡᠭᠡ᠂ 2019 ᠤᠨ ᠤ ᠪᠥᠬᠦ | ᠤᠯᠤᠰ ᠤᠨ ᠵᠠᠯᠠᠭᠤᠴᠤᠳ ᠪᠠᠭᠠᠴᠤᠳ ᠤᠨ ᠲᠣᠤᠷ ᠪᠥᠮᠪᠦᠭᠡ ᠶᠢᠨ ᠬᠤᠪᠢ ᠬᠤᠷᠠᠮᠳᠤᠭᠤᠯᠬᠤ ᠨᠡᠷᠡᠰ ᠤᠨ | ᠵᠢᠭᠰᠠᠭᠠᠯᠲᠠ ᠶᠢᠨ ᠰᠢᠷᠢᠰ ᠤᠷᠤᠯᠳᠤᠭᠠᠨ ᠪᠠ 2019 ᠤᠨ ᠳᠤᠮᠳᠠᠳᠤ ᠤᠯᠤᠰ ᠤᠨ ᠠᠵᠢᠯ ᠤᠨ ᠴᠢᠯᠥᠭᠡᠨ ᠤ ᠲᠣᠤᠷ | ᠪᠥᠮᠪᠦᠭᠡ ᠶᠢᠨ ᠺᠯᠦ᠋ᠪ ᠤᠨ ᠬᠤᠯᠪᠣᠭᠠᠲᠤ ᠤᠷᠤᠯᠳᠤᠭᠠᠨ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠢ | ᠡᠷᠬᠢᠯᠡᠵᠦ᠂ ᠲᠣᠤᠷ ᠪᠥᠮᠪᠦᠭᠡ ᠨᠢᠭᠡᠨᠲᠡ ᠤᠯᠠᠭᠠᠨᠴᠠᠪ ᠬᠤᠲᠠ ᠶᠢᠨ ᠪᠠᠰᠠ ᠨᠢᠭᠡᠨ ᠭᠤᠴᠣ ᠰᠠᠶᠢᠬᠠᠨ ᠨᠡᠷ᠎ᠡ ᠶᠢᠨ | ᠬᠠᠭᠤᠳᠠᠰᠤ ᠪᠣᠯᠪᠠ᠃ |