ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠭᠤᠷᠪᠠᠳᠤᠭᠠᠷ ᠬᠤᠷᠠᠯ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠲᠣᠰ ᠲᠣᠰ 5 | ᠰᠠᠷ᠎ᠠ ᠶᠢᠨ 21 ᠤ ᠡᠳᠦᠷ ᠪᠠ 5 ᠰᠠᠷ᠎ᠠ ᠶᠢᠨ 22 ᠤᠨ ᠡᠳᠦᠷ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠪᠡ᠃ | ᠤᠢᠢᠷ᠎ᠠ ᠶᠢᠨ ᠡᠳᠦᠷ᠂ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠥᠷᠭᠡᠨ ᠤᠯᠠᠨ ᠺᠠᠳ᠋ᠷ ᠤᠯᠠᠨ ᠲᠦᠮᠡᠨ ᠪᠦᠬᠦ ᠤᠯᠤᠰ ᠤᠨ ︽ᠬᠤᠶᠠᠷ ᠬᠤᠷᠠᠯ︾ ᠢ | ᠦᠷᠭᠦᠯᠵᠢᠯᠡᠨ ᠬᠠᠯᠠᠮᠵᠢᠯᠠᠵᠤ ᠪᠠᠶᠢᠯ᠎ᠠ᠃ | | | | | | | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠳᠡᠳ᠋ ᠳᠠᠷᠤᠭ᠎ᠠ ᠯᠢ ᠭᠠᠩ ᠰᠦᠯᠵᠢᠶᠡᠨ ᠳᠡᠭᠡᠷ᠎ᠡ ᠪᠥᠬᠦ ᠶᠠᠪᠤᠴᠠ ᠪᠠᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠰᠢᠭᠤᠳ ᠨᠡᠪᠲᠡᠷᠡᠭᠦᠯᠭᠡ ᠶᠢᠨ ᠫᠷᠤᠭ᠍ᠷᠠᠮ ᠢ ᠦᠵᠡᠪᠡ᠃ ᠲᠡᠷᠡ ᠭᠦᠨ ᠲᠥᠷᠥᠭᠳᠡᠯ ᠲᠠᠢ᠄ | ︽ᠢᠯᠡᠳᠬᠡᠯ ᠳᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠠᠴᠠ ᠰᠤᠷᠤᠭᠴᠢ ᠡᠯᠰᠡᠬᠦ ᠪᠠᠨ ᠥᠷᠭᠡᠳᠬᠡᠵᠦ᠂ ᠮᠠᠨ ᠤ | ᠪᠦᠬᠦ ᠰᠤᠷᠭᠠᠨ ᠬᠦᠮᠦᠵᠢᠯ ᠤᠨ ᠬᠥᠮᠦᠰ ᠲᠤ ᠨᠠᠩ ᠶᠡᠭᠡ ᠢᠲᠡᠭᠡᠯ ᠵᠣᠷᠢᠭ ᠣᠯᠭᠤᠵᠤ᠂ ᠪᠢᠳᠡ ᠦᠨᠳᠦᠰᠦᠨ | ᠱᠠᠲᠤᠨ ᠤ ᠰᠤᠷᠭᠠᠨ ᠬᠥᠮᠦᠵᠢᠯ ᠤᠨ ᠬᠥᠮᠦᠨ ᠪᠣᠯᠤᠭᠰᠠᠨ ᠤ ᠬᠤᠪᠢ ᠳᠤ᠂ ᠰᠤᠷᠭᠠᠭᠤᠯᠢ ᠶᠢᠨ ᠣᠳᠣᠬᠢ ᠪᠠᠶᠢᠳᠠᠯ ᠢ | ᠴᠢᠷᠮᠠᠶᠢᠨ ᠬᠤᠪᠢᠷᠠᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠪᠠᠭᠰᠢ ᠶᠢᠨ ᠬᠦᠴᠦᠨ ᠢ | ᠨᠡᠮᠡᠭᠳᠡᠭᠦᠯᠵᠦ᠂ ᠨᠢᠭᠡᠨ ᠰᠠᠶᠢᠨ ᠰᠠᠶᠢᠬᠠᠨ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠢ ᠪᠤᠢ ᠪᠣᠯᠭᠠᠵᠤ᠂ ᠮᠠᠨ ᠤ | ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠤᠬᠡᠳ ᠲᠤ ᠡᠷᠬᠡ ᠲᠡᠭᠰᠢ ᠲᠥᠪ ᠭᠤᠤᠯᠴᠢ ᠰᠤᠷᠭᠠᠨ ᠬᠥᠮᠦᠵᠢᠯ | ᠬᠦᠷᠲᠡᠭᠡᠬᠦ ᠪᠠᠷ ᠴᠢᠷᠮᠠᠶᠢᠨ᠎ᠠ︾ ᠭᠡᠪᠡ᠃ | | | | | | | ︽︿ᠬᠤᠶᠠᠷ ᠬᠤᠷᠠᠯ﹀ ᠢ ᠦᠵᠡᠭᠰᠡᠨ ᠤ ᠳᠠᠷᠠᠭ᠎ᠠ᠂ ᠮᠠᠨ ᠤ ᠪᠥᠬᠦ ᠲᠣᠰᠬᠤᠨ ᠴᠥᠮ ᠮᠠᠰᠢ ᠵᠣᠷᠢᠭᠵᠢᠪᠠ᠃ | ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ ᠪᠢᠳᠡ ᠲᠤᠰ ᠭᠠᠵᠠᠷ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠨᠠᠨ ᠼᠦᠨ ᠤ 1400 ᠭᠠᠷᠤᠶ | ᠲᠣᠰᠬᠤᠨ ᠤ ᠠᠷᠠᠳ ᠢ ᠳᠠᠭᠠᠭᠤᠯᠤᠨ ᠬᠠᠮᠲᠤᠪᠠᠷ ᠲᠡᠮᠡᠴᠡᠵᠦ ᠬᠥᠳᠡᠭᠡ ᠲᠣᠰᠬᠤᠨ ᠢ ᠬᠦᠭᠵᠢᠭᠦᠯᠦᠨ | ᠮᠠᠨᠳᠤᠭᠤᠯᠬᠤ ᠶᠢ ᠡᠷᠲᠡᠬᠡᠨ ᠪᠡᠶᠡᠯᠡᠭᠦᠯᠦᠨ᠎ᠡ︾ ᠭᠡᠵᠦ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠨ | ᠼᠦᠨ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠱᠦᠵᠢ ᠵᠠᠩ ᠵᠢᠩ ᠬᠡᠯᠡᠪᠡ᠃ | ᠡᠭᠦᠨ ᠤ ᠬᠠᠮᠲᠤ᠂ ᠨᠠᠨ ᠼᠦᠨ ᠲᠣᠰᠬᠤᠨ ᠳᠤ ᠰᠠᠭᠤᠵᠤ ᠪᠠᠶᠢᠭ᠎ᠠ ᠲᠣᠰᠬᠤᠨ ᠤ ᠠᠷᠠᠳ ᠵᠧᠦ ᠯᠢᠨ ᠪᠠᠰᠠ | ᠪᠦᠬᠦ ᠤᠯᠤᠰ ᠤᠨ ︽ᠬᠤᠶᠠᠷ ᠬᠤᠷᠠᠯ︾ ᠤᠨ ᠰᠢᠭᠤᠳ ᠨᠡᠪᠲᠡᠷᠡᠭᠦᠯᠭᠡ ᠶᠢᠨ ᠦᠪᠡᠳᠡᠭᠰᠢ ᠪᠠᠶᠢᠳᠠᠯ ᠢ ᠦᠵᠡᠪᠡ᠃ ︽ | ᠮᠠᠨ ᠤ ᠲᠠᠷᠢᠶᠠᠴᠢᠳ ᠬᠤᠶᠠᠷ ᠬᠤᠷᠠᠯ ᠢ ᠬᠠᠮᠤᠭ ᠠᠴᠠ ᠢᠯᠡᠭᠦᠦ ᠠᠩᠬᠠᠷᠳᠠᠭ᠂ ᠬᠤᠶᠠᠷ ᠬᠤᠷᠠᠯ ᠢᠶᠠᠷ ᠳᠠᠮᠵᠢᠨ | ᠮᠠᠨ ᠤ ᠨᠠᠨ ᠼᠦᠨ ᠲᠣᠰᠬᠤᠨ ᠳᠤ ᠴᠤ ᠴᠢᠭᠯᠡᠬᠦ ᠵᠠᠮ ᠲᠠᠢ ᠪᠣᠯᠪᠠ᠃ ᠪᠢᠳᠡ ᠵᠠᠮ ᠤᠨ ᠳ᠋ᠧᠩ᠂ ᠬᠥᠳᠡᠯᠭᠡᠭᠡᠨ ᠤ | ᠲᠠᠰᠤᠭ᠂ ᠤᠩᠰᠢᠯᠭ᠎ᠠ ᠶᠢᠨ ᠥᠷᠥᠭᠡ ᠲᠠᠢ ᠪᠣᠯᠵᠠᠶ᠃ ᠲᠠᠷᠢᠮᠠᠯ ᠤᠨ ᠲᠠᠯ᠎ᠠ ᠪᠠᠷ ᠪᠦᠷ ᠶᠡᠭᠡ ᠰᠠᠶᠢᠨ᠂ ᠮᠢᠨᠦ | ᠠᠮᠢᠳᠤᠷᠠᠯ ᠵᠢᠯ ᠠᠴᠠ ᠵᠢᠯ ᠰᠠᠶᠢᠵᠢᠷᠠᠵᠤ ᠪᠠᠶᠢᠨ᠎ᠠ᠂ ᠬᠡᠳᠦ᠋ᠢᠪᠡᠷ ᠪᠢ ᠬᠥᠭᠰᠢᠷᠡᠭᠰᠡᠨ ᠪᠣᠯᠪᠠᠴᠤ᠂ ᠮᠢᠨᠦ ᠣᠷᠣᠯᠭ᠎ᠠ | ᠵᠢᠯ ᠠᠴᠠ ᠵᠢᠯ ᠥᠨᠳᠥᠷ᠂ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠨᠢ ᠲᠠᠷᠢᠶᠠᠴᠢᠳ ᠲᠤ ᠴᠤ ᠵᠢᠯ ᠠᠴᠠ | ᠵᠢᠯ ᠰᠠᠶᠢᠨ ᠪᠣᠯᠪᠠ︾ ᠭᠡᠪᠡ᠃ | | | | | | | ᠤᠯᠠᠭᠠᠨᠴᠠᠪ ᠬᠤᠲᠠ ᠶᠢᠨ ᠰᠢᠤᠢ ᠹᠤᠩ ᠰᠢᠨ ᠴᠤᠸᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠠᠯᠪᠠᠨ | ᠬᠡᠷ ᠤᠨ ᠡᠷᠬᠢᠯᠡᠭᠴᠢ ᠰᠥᠩ ᠳ᠋ᠠᠨ᠄ ︽ᠡᠨᠡ ᠬᠤᠶᠠᠷ ᠡᠳᠦᠷ ᠮᠠᠨ ᠤ ᠪᠥᠬᠦ ᠺᠣᠮᠫᠠᠨᠢ ᠪᠠᠷ ᠢᠶᠠᠨ ︿ᠬᠤᠶᠠᠷ ᠬᠤᠷᠠᠯ﹀ | ᠤᠨ ᠬᠤᠯᠪᠣᠭᠳᠠᠯ ᠪᠥᠬᠦᠶ ᠠᠬᠢᠴᠠ ᠶᠢ ᠰᠤᠷᠤᠯᠴᠠᠨ ᠦᠵᠡᠵᠦ᠂ ᠪᠢᠳᠡ ᠶᠡᠷᠦᠩᠬᠡᠢ ᠱᠦᠵᠢ ᠰᠢ ᠶᠢᠨ ᠫᠢᠩ | ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢ ᠬᠠᠯᠠᠮᠵᠢᠯᠠᠨ ᠳᠡᠮᠵᠢᠭᠰᠡᠨ ᠢ ᠪᠡᠶ᠎ᠡ ᠪᠠᠷ ᠢᠶᠠᠨ ᠮᠡᠳᠡᠷᠡᠵᠦ᠂ ᠥᠪᠡᠷ ᠢ ᠪᠠᠨ ᠠᠵᠤ ᠠᠬᠤᠶᠢᠯᠠᠯ ᠤᠨ | ᠬᠥᠭᠵᠢᠯᠲᠡ ᠶᠢᠨ ᠢᠲᠡᠭᠡᠯ ᠵᠣᠷᠢᠭ ᠢ ᠨᠡᠩ ᠪᠠᠲᠤᠳᠬᠠᠵᠠᠶ᠃ ᠮᠠᠨ ᠤ ᠰᠢᠤᠢ ᠹᠧᠩ ᠺᠣᠮᠫᠠᠨᠢ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠳᠠᠭᠠᠭᠤᠯᠤᠭᠴᠢ ᠠᠵᠤ | ᠠᠬᠤᠶᠢᠯᠠᠯ ᠪᠣᠯᠤᠭᠰᠠᠨ ᠤ ᠬᠤᠪᠢ ᠳᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠡᠢ᠃ ᠪᠠᠶᠠᠵᠢᠨ ᠴᠢᠨᠡᠭᠡᠯᠢᠭᠵᠢᠬᠦ ᠡᠨᠡ ᠬᠦ | ᠭᠤᠣᠯᠯᠠᠭᠴᠢ ᠶᠢ ᠴᠢᠩᠭ᠎ᠠ ᠠᠩᠬᠠᠷᠴᠤ᠂ ᠶᠠᠳᠠᠭᠤ ᠬᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠢ | ᠡᠷᠦᠬᠡ ᠯᠦᠭᠡ ᠵᠣᠯᠭᠠᠭᠤᠯᠤᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠲᠠᠷᠢᠶᠠᠴᠢᠨ | ᠡᠷᠦᠬᠡ ᠲᠠᠢ ᠬᠠᠷᠢᠯᠴᠠᠨ ᠲᠦᠰᠢᠭᠯᠡᠬᠦ ᠠᠵᠤ ᠦᠢᠯᠡᠰ ᠤᠨ ᠬᠡᠯᠬᠢᠶ᠎ᠡ ᠪᠠ ᠠᠰᠢᠭ ᠲᠤᠰᠠ ᠶᠢᠨ ᠬᠠᠮᠲᠤ ᠶᠢᠨ | ᠴᠣᠭᠴᠠ ᠶᠢ ᠦᠨᠡᠨᠬᠦ ᠪᠦᠷᠢᠯᠳᠦᠭᠦᠯᠵᠦ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯᠯᠠᠭ᠎ᠠ ᠶᠢᠨ ᠡᠴᠦᠰ ᠤᠨ ᠢᠯᠠᠯᠲᠠ ᠶᠢ ᠤᠯᠬᠤ ᠳᠤ ᠬᠦᠴᠦᠨ ᠨᠡᠮᠡᠷᠢᠯᠡᠨ᠎ᠡ︾ ᠭᠡᠪᠡ᠃ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠥᠷᠭᠡᠨ ᠣᠯᠠᠨ | ᠺᠠᠳ᠋ᠷ ᠣᠯᠠᠨ ᠲᠦᠮᠡᠨ᠂ ᠣᠯᠠᠨ ᠵᠦᠢᠯ ᠤᠨ ᠬᠡᠯᠪᠡᠷᠢ ᠪᠠᠷ ᠬᠤᠷᠠᠯ ᠤᠨ ᠦᠪᠡᠳᠡᠭᠰᠢ ᠪᠠᠶᠢᠳᠠᠯ ᠢ ᠬᠦᠯᠢᠶᠡᠨ ᠠᠪᠴᠤ | ᠰᠣᠨᠣᠰᠬᠤ ᠪᠠᠷ ᠳᠠᠮᠵᠢᠭᠤᠯᠤᠨ ᠶᠡᠬᠡᠳᠡ ᠵᠣᠷᠢᠭᠵᠢᠵᠤ᠂ ᠬᠠᠷᠢᠭᠤ ᠲᠤᠰᠬᠠᠯ ᠴᠢᠩᠭ᠎ᠠ᠂ ᠣᠯᠠᠨ ᠢᠶᠠᠷ ᠢᠶᠠᠨ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠣᠶᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠤᠶᠤᠨ ᠤᠬᠠᠭᠠᠨ ᠪᠠ | ᠬᠦᠴᠦᠨ ᠴᠢᠳᠠᠯ ᠢ ᠨᠢᠭᠲᠠᠷᠠᠭᠤᠯᠪᠠ᠃ | | ᠤᠷᠴᠢᠭᠤᠯᠤᠭᠴᠢ᠄ ᠳᠠᠪᠠᠯᠭᠠᠨ |