9 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ | ᠮᠠᠨ ᠤ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠢᠨᠢᠩ ᠲᠣᠭᠤᠷᠢᠭ ᠲᠤ ᠭᠦᠨᠵᠡᠭᠡᠶᠢᠷᠡᠨ᠂ | ᠠᠵᠤ ᠣᠶᠢᠯᠡᠳᠪᠤᠷᠢ ᠶᠢᠨ ᠪᠥᠲᠥᠭᠡᠨ ᠪᠠᠶᠢᠭᠤᠯᠤᠯᠲᠠ᠂ ᠪᠠᠷᠠᠭᠠᠨ ᠤ ᠭᠦᠢᠯᠭᠡᠭᠡ ᠶᠢᠨ ᠬᠥᠭᠵᠢᠯᠲᠡ ᠵᠡᠷᠭᠡ ᠪᠠᠶᠢᠳᠠᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠠᠶ ᠯᠢ ᠬᠤᠸᠠ ᠤᠯᠠᠭᠠᠨᠴᠠᠪ ᠤᠨ ᠰᠢᠤᠢ ᠹᠧᠩ ᠰᠢᠨ ᠴᠤᠸᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ | ᠬᠦᠷᠴᠦ᠂ ᠲᠡᠮᠦᠷ ᠤᠨ ᠬᠠᠶᠢᠯᠤᠰᠢ ᠶᠢᠨ ᠤᠶᠤᠨᠴᠢᠯᠠᠭᠰᠠᠨ ᠬᠠᠢᠯᠤᠭᠤᠯᠬᠤ ᠡᠵᠡᠮᠰᠢᠯ ᠤᠨ ᠰᠢᠰᠲ᠋ᠧᠮ᠂ ᠥᠨᠳᠥᠷ | ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠪᠣᠯᠤᠨ ᠪᠦᠷᠢᠨ ᠪᠢᠲᠡᠭᠦᠮᠵᠢᠯᠡᠯᠳᠦ ᠳᠣᠤᠷ᠎ᠠ ᠨᠡᠭᠦᠷᠡᠰᠦᠳᠦᠷᠦᠭᠴᠢ | ᠶᠢᠨ ᠴᠠᠬᠢᠭᠤᠷ ᠮᠠᠩᠭᠠᠨ ᠤ ᠠᠭᠤᠷᠬᠠᠶ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠶᠢ ᠪᠠᠶᠢᠴᠠᠭᠠᠨ ᠦᠵᠡᠵᠦ᠂ | ᠣᠶᠢᠯᠡᠳᠪᠤᠷᠢᠯᠡᠯ ᠤᠨ ᠤᠷ᠎ᠠ ᠮᠡᠷᠭᠡᠰᠢᠯ ᠤᠨ ᠶᠠᠪᠤᠴᠠ᠂ ᠮᠡᠷᠭᠡᠵᠢᠯ ᠤᠨ ᠰᠢᠨ᠎ᠡ ᠡᠭᠦᠳᠦᠯᠲᠡ᠂ ᠣᠶᠢᠯᠡᠳᠬᠦᠨ ᠤ | ᠪᠣᠷᠣᠯᠠᠭᠤᠯᠤᠯᠲᠠ ᠵᠡᠷᠭᠡ ᠶᠢ ᠨᠠᠷᠢᠨ ᠣᠶᠢᠯᠠᠭᠠᠪᠠ᠃ ᠠᠶ ᠯᠢ ᠬᠤᠸᠠ ᠵᠢᠭᠠᠵᠤ ᠭᠠᠷᠭᠠᠭᠰᠠᠨ ᠨᠢ᠂ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠢᠳᠡᠪᠬᠢᠲᠡᠶ ᠪᠠᠷ ᠨᠦᠬᠦᠴᠡᠯ ᠪᠦᠷᠢᠯᠳᠦᠭᠦᠯᠵᠦ᠂ ᠠᠵᠤ ᠠᠬᠤᠶᠢᠯᠠᠯ ᠢ ᠲᠡᠳᠬᠦᠬᠦ | ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠴᠠᠬᠢᠯᠭᠠᠨ ᠬᠠᠩᠭᠠᠬᠤ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠢᠨᠵᠧᠨᠧᠷᠢᠩ ᠤᠨ ᠴᠠᠬᠢᠯᠭᠠᠨ | ᠬᠦᠴᠦᠨ ᠤ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠳᠤ ᠭᠤᠤᠯᠳᠠᠯᠭ᠎ᠠ ᠲᠠᠢ ᠪᠠᠲᠤᠯᠠᠭ᠎ᠠ ᠪᠠ ᠳᠡᠮᠵᠢᠯᠭᠡ ᠦᠵᠡᠭᠦᠯᠬᠦ | ᠬᠡᠷᠡᠭᠲᠡᠶ᠃ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ᠂ ᠣᠯᠠᠨ | ᠡᠰᠢᠵᠢᠭᠰᠡᠨ ᠬᠥᠭᠵᠢᠯᠲᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠳᠡᠭᠡᠳᠦ ᠳᠣᠤᠷᠠᠳᠤ | ᠤᠷᠤᠰᠬᠠᠯ ᠤᠨ ᠠᠵᠤ ᠣᠶᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠣᠶᠢᠯᠡᠰ ᠢ ᠲᠠᠰᠤᠷᠠᠯᠲᠠ ᠦᠭᠡᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ | ᠳᠣᠯᠣᠳᠤᠭᠠᠷ ᠰᠤᠮᠤᠨ ᠤ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡᠨ ᠤ ᠵᠠᠩᠭᠢᠯᠠᠭ᠎ᠠ ᠶᠢᠨ | ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠲᠤ᠂ ᠨᠢᠭᠡ ᠬᠡᠰᠡᠭ ᠴᠢᠩᠭᠡᠯᠢᠭ ᠢ ᠲᠡᠷᠢ ᠲᠡᠭᠰᠢ ᠨᠢᠭᠲᠠ ᠳᠡᠯᠭᠡᠵᠦ᠂ | ᠴᠢᠩᠭᠡᠯᠢᠭ ᠢ ᠵᠥᠭᠡᠭᠡᠪᠦᠷᠢᠯᠡᠵᠦ ᠪᠠᠶᠢᠭ᠎ᠠ ᠲᠡᠷᠭᠡ ᠨᠢ ᠶᠠᠭᠠᠷᠠᠯᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ᠠᠶ ᠯᠢ ᠬᠤᠸᠠ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠨᠡᠭᠡᠭᠡᠭᠰᠡᠨ᠂ ᠠᠵᠤ ᠣᠶᠢᠯᠡᠰ ᠤᠨ ᠬᠦᠷᠢᠶᠡᠯᠡᠩ ᠤᠨ ᠴᠢᠳᠠᠮᠵᠢ ᠶᠢᠨ ᠲᠠᠷᠬᠠᠯᠲᠠ᠂ | ᠪᠠᠷᠠᠭᠠᠨ ᠤ ᠭᠦᠢᠯᠭᠡᠭᠡᠨ ᠤ ᠲᠥᠪ ᠵᠡᠷᠭᠡ ᠶᠢᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ | ᠴᠢᠬᠤᠯᠠᠴᠢᠯᠠᠭᠰᠠᠨ ᠨᠢ᠂ ᠤᠯᠠᠭᠠᠨᠴᠠᠪ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠤᠯᠠᠭᠠᠨᠴᠠᠪ ᠬᠤᠲᠠ ᠶᠢᠨ ᠲᠣᠮᠣ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠭᠡᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠤᠯᠠᠮ | ᠨᠢᠭᠡ ᠠᠯᠬᠤᠮ ᠬᠥᠭᠵᠢᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠤᠳᠤᠯᠭ᠎ᠠ ᠶᠢᠨ ᠲᠠᠪᠴᠠᠩ ᠢ | ᠰᠠᠶᠢᠲᠤᠷ ᠪᠠᠶᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | ᠮᠠᠨ ᠤ ᠬᠤᠲᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠣᠷᠴᠢᠭᠤᠯᠤᠭᠴᠢ᠄ ᠳᠠᠪᠠᠯᠭᠠᠨ |