9 ᠰᠠᠷ᠎ᠠ ᠶᠢᠨ 17 ᠤ ᠡᠳᠦᠷ᠂ ᠮᠠᠨ ᠤ ᠬᠤᠲᠠ ᠪᠣᠯᠤᠨ ᠰᠢᠶᠧ ᠴᠧᠩ ᠪᠦᠯᠦᠭᠯᠡᠯ ᠶᠠᠷᠢᠯᠴᠠᠬᠤ ᠬᠤᠷᠠᠯ | ᠬᠢᠪᠡ᠃ ᠬᠤᠶᠠᠷ ᠲᠠᠯ᠎ᠠ ᠪᠠᠷ ᠢᠶᠠᠨ ᠵᠢᠭᠤᠯᠴᠢᠯᠠᠯ ᠤᠨ ᠪᠦᠲᠦᠭᠡᠭᠳᠡᠬᠦᠨ ᠤ ᠵᠢᠷᠤᠭ ᠲᠥᠯᠥᠪᠯᠡᠭᠡ᠂ ᠡᠵᠡᠩᠨᠡᠯᠲᠡ ᠶᠢᠨ | ᠬᠡᠯᠪᠡᠷᠢ ᠶᠢᠨ ᠬᠤᠪᠢᠷᠠᠯᠲᠠ᠂ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠲᠡᠯᠭᠡᠷᠡᠭᠦᠯᠬᠦ ᠵᠡᠷᠭᠡ ᠲᠠᠯ᠎ᠠ ᠪᠠᠷ | ᠭᠦᠨᠵᠡᠭᠡᠶ ᠰᠣᠯᠢᠯᠴᠠᠨ ᠶᠠᠷᠢᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ᠂ ᠰᠢᠶᠧ ᠴᠧᠩ | ᠪᠦᠯᠦᠭᠯᠡᠯ ᠤᠨ ᠬᠤᠳᠠᠯᠳᠤᠭᠠᠨ ᠤ ᠥᠷᠭᠡᠵᠢᠯ ᠪᠣᠯᠤᠨ ᠵᠠᠰᠠᠭ ᠤᠨ ᠣᠷᠳᠣᠨ ᠤ ᠬᠠᠮᠵᠢᠯᠴᠠᠭᠠᠨ ᠤ ᠣᠷᠣᠨ ᠤ ᠶᠡᠷᠦᠩᠬᠡᠶ | ᠬᠢᠨᠠᠭᠴᠢ ᠵᠦ ᠯᠧᠶ᠂ ᠬᠠᠶᠢᠨᠠᠨ ᠤ ᠶᠤᠸᠠᠨ ᠴᠤᠸᠠᠩ ᠠᠬ᠎ᠠ ᠳᠡᠭᠦᠤ ᠰᠣᠶᠣᠯ ᠵᠠᠭᠤᠴᠢᠯᠠᠭᠤᠷ ᠤᠨ ᠬᠢᠵᠠᠭᠠᠷᠲᠤ | ᠺᠣᠮᠫᠠᠨᠢ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠨ ᠯᠢ ᠽᠢ ᠶᠠᠩ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠬᠠᠶ ᠢᠦᠶ᠂ ᠬᠤᠲᠠ ᠶᠢᠨ ᠳᠡᠳ᠋ | ᠳᠠᠷᠤᠭ᠎ᠠ ᠶᠤᠸᠠᠢ ᠶᠠᠨ ᠮᠧᠶ ᠶᠠᠷᠢᠯᠴᠠᠬᠤ ᠬᠤᠷᠠᠯ ᠳᠤ ᠣᠷᠣᠯᠴᠠᠪᠠ᠃ | ᠹᠧᠶ ᠳ᠋ᠦᠩ ᠪᠢᠨ ᠢᠯᠡᠷᠬᠡᠶᠢᠯᠡᠬᠦ ᠳᠡᠭᠡᠨ᠂ ᠤᠯᠠᠭᠠᠨᠴᠠᠪ ᠤᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ᠂ | ᠵᠠᠮ ᠬᠠᠷᠢᠯᠴᠠᠭ᠎ᠠ ᠳᠥᠭᠦᠮ ᠳᠥᠲᠡ᠂ ᠠᠭᠤᠷ ᠠᠮᠢᠰᠬᠤᠯ ᠲᠠᠭᠠᠯᠠᠮᠵᠢᠲᠠᠶ᠂ ᠵᠢᠭᠤᠯᠴᠢᠯᠠᠯ ᠤᠨ ᠡᠬᠢ ᠪᠠᠶᠠᠯᠢᠭ | ᠡᠯᠪᠡᠭ ᠳᠡᠯᠪᠡᠭ ᠪᠠᠶᠢᠳᠠᠭ᠂ ᠰᠢᠶᠧ ᠴᠧᠩ ᠪᠦᠯᠦᠭᠯᠡᠯ ᠢᠨᠲᠸᠷ ᠰᠦᠯᠵᠢᠶᠡᠨ ᠤ ᠠᠵᠤ ᠠᠬᠤᠶᠢᠯᠠᠯ ᠤᠨ | ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ ᠪᠠᠢᠳᠠᠯ ᠲᠠᠢ ᠤᠶᠠᠯᠳᠤᠭᠤᠯᠤᠨ᠂ | ᠮᠠᠨ ᠤ ᠬᠤᠲᠠ ᠶᠢᠨ ᠣᠳᠣᠬᠠᠨ ᠤ ᠵᠢᠭᠤᠯᠴᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠣᠷᠣᠰᠢᠵᠤ | ᠪᠠᠶᠢᠭ᠎ᠠ ᠠᠰᠠᠭᠤᠳᠠᠯ ᠳᠤ ᠴᠢᠭᠯᠡᠭᠦᠯᠦᠨ ᠭᠦᠨᠵᠡᠭᠡᠶ ᠰᠤᠳᠤᠯᠵᠤ᠂ ᠶᠡᠷᠦᠩᠬᠡᠶ ᠰᠢᠢᠳᠪᠤᠷᠢᠯᠡᠬᠦ ᠲᠥᠰᠦᠯ ᠢ ᠲᠤᠭᠲᠠᠭᠠᠨ | ᠂ ᠲᠤᠳᠠᠭᠳᠠᠯ ᠢᠶᠠᠨ ᠨᠥᠬᠦᠪᠥᠷᠢᠯᠡᠵᠦ᠂ ᠤᠯᠠᠭᠠᠨᠴᠠᠪ ᠤᠨ ᠳᠠᠪᠠᠭᠤᠯᠢᠭ ᠪᠠ ᠣᠨᠴᠠᠯᠢᠭ ᠢ ᠭᠦᠢᠴᠡᠳ ᠢᠯᠡᠷᠡᠭᠦᠯᠵᠦ᠂ | ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠢᠶᠧ ᠴᠧᠩ ᠪᠦᠯᠦᠭᠯᠡᠯ ᠤᠨ ᠲᠣᠮᠣ | ᠳ᠋ᠠᠶᠢᠲ᠋ᠠ ᠶᠢᠨ ᠡᠬᠢ ᠪᠠᠶᠠᠯᠢᠭ ᠲᠤ ᠲᠦᠰᠢᠭᠯᠡᠨ᠂ ᠨᠢᠭᠡ ᠪᠦᠯᠦᠭ ᠥᠪᠡᠷᠮᠢᠴᠡ᠂ ᠬᠡᠪᠴᠢᠶᠡᠵᠢᠭᠰᠡᠨ᠂ ᠣᠬᠢ ᠰᠣᠳᠣᠨ | ᠵᠢᠭᠤᠯᠴᠢᠯᠠᠯ ᠤᠨ ᠵᠠᠮ ᠱᠤᠭᠤᠮ ᠪᠠ ᠲᠥᠷᠥᠯ ᠵᠦᠢᠯ ᠢ ᠵᠢᠷᠤᠵᠤ ᠲᠦᠯᠦᠪᠯᠡᠵᠦ᠂ ᠮᠠᠨ ᠤ ᠬᠤᠲᠠ ᠶᠢᠨ | ᠵᠢᠭᠤᠯᠴᠢᠯᠠᠯ ᠤᠨ ᠦᠢᠯᠡᠰ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ᠂ ᠶᠡᠷᠦᠩᠬᠡᠢᠯᠡᠭᠰᠡᠨ ᠥᠷᠢᠰᠦᠯᠳᠦᠬᠦ ᠬᠦᠴᠦᠨ | ᠪᠠ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ︔ ᠡᠭᠦᠨ ᠤ | ᠬᠠᠮᠲᠤ ᠳᠡᠭᠡᠳᠤ ᠬᠤᠷᠳᠤᠴᠠᠲᠤ ᠲᠡᠮᠦᠷ ᠵᠠᠮ ᠤᠨ ᠠᠪᠴᠢᠷᠠᠭᠰᠠᠨ ᠰᠢᠨ᠎ᠡ ᠠᠵᠠ ᠲᠣᠬᠢᠶᠠᠯ ᠢ ᠭᠦᠢᠴᠡᠳ ᠠᠰᠢᠭᠯᠠᠵᠤ | ᠂ ᠲᠦᠷᠭᠡᠨ ᠤ ᠲᠡᠮᠦᠷ ᠵᠠᠮ ᠤᠨ ᠲᠣᠣᠷ ᠪᠠ ᠢᠨᠲ᠋ᠧᠷ ᠰᠦᠯᠵᠢᠶ᠎ᠡ ᠶᠢ ᠭᠦᠢᠴᠡᠳ ᠠᠭᠤᠰᠤᠯᠴᠠᠭᠤᠯᠵᠤ᠂ ᠰᠦᠯᠵᠢᠶᠡᠨ | ᠳᠡᠭᠡᠷ ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠣᠶᠤᠨᠴᠢ ᠠᠶᠠᠯᠠᠯ ᠤᠨ ᠬᠡᠯᠬᠢᠶ᠎ᠡ ᠶᠢ ᠪᠠᠶᠢᠭᠤᠯᠵᠤ᠂ | ︽ᠨᠢᠭᠡ ᠥᠷᠲᠡᠭᠡᠨ ᠤ ᠮᠠᠶ᠋ᠢᠭ︾ ᠤᠨ ᠵᠢᠭᠤᠯᠴᠢᠯᠠᠯ ᠤᠨ ᠣᠶᠢᠯᠡᠴᠢᠯᠡᠭᠡ ᠭᠠᠷᠭᠠᠵᠤ᠂ ᠥᠷᠭᠡᠨ ᠣᠯᠠᠨ | ᠵᠤᠭᠠᠴᠠᠭᠰᠠᠳ ᠢ ᠨᠠᠩ ᠰᠠᠶᠢᠨ ᠵᠢᠭᠤᠯᠴᠢᠯᠠᠯ ᠤᠨ ᠥᠩᠭᠡᠷᠡᠯᠲᠡ ᠲᠠᠢ ᠪᠣᠯᠭᠠᠨ᠎ᠠ︔ ︽ᠵᠢᠭᠤᠯᠴᠢᠯᠠᠯ + ᠡᠷᠡᠭᠦᠯᠵᠢᠯ | ᠰᠤᠪᠢᠯᠠᠯᠲᠠ︾᠂ ︽ᠵᠢᠭᠤᠯᠴᠢᠯᠠᠯ + ᠪᠡᠶ᠎ᠡ ᠶᠢᠨ ᠲᠠᠮᠢᠷ︾ ᠪᠠ ᠰᠥᠨᠢ ᠶᠢᠨ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠣᠶ ᠪᠣᠯᠭᠠᠵᠤ᠂ ᠬᠠᠯᠠᠭᠤᠨ ᠷᠠᠰᠢᠶᠠᠨ ᠤ ᠡᠷᠡᠭᠦᠯᠵᠢᠯ᠂ ᠮᠥᠰᠥ | ᠴᠠᠰᠤᠨ ᠤ ᠲᠠᠮᠢᠷ ᠤᠨ ᠲᠠᠯᠠᠪᠤᠷ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠠᠵᠤ ᠦᠢᠯᠡᠰ ᠤᠨ | ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠠᠭᠤᠰᠤᠯᠴᠠᠬᠤ ᠬᠦᠷᠢᠶ᠎ᠡ ᠶᠢ ᠥᠷᠭᠡᠳᠬᠡᠨ᠂ ᠮᠠᠨ ᠤ ᠬᠤᠲᠠ ᠶᠢᠨ | ᠵᠢᠭᠤᠯᠴᠢᠯᠠᠯ ᠤᠨ ᠠᠵᠤ ᠣᠶᠢᠯᠡᠰ ᠤᠨ ᠳᠡᠰ ᠳᠡᠪᠰᠢᠬᠦ᠂ ᠡᠵᠡᠩᠨᠡᠯᠲᠡ ᠶᠢᠨ ᠬᠡᠯᠪᠡᠷᠢ ᠶᠢᠨ ᠬᠤᠪᠢᠷᠠᠯᠲᠠ ᠶᠢ | ᠢᠳᠡᠪᠬᠢᠲᠡᠶ ᠠᠬᠢᠭᠤᠯᠵᠤ᠂ ᠳᠥᠷᠪᠡᠨ ᠤᠯᠠᠷᠢᠯ᠂ ᠡᠳᠦᠷ ᠰᠥᠨᠢ ᠦᠭᠡᠢ ᠪᠦᠷ ᠵᠤᠭᠠᠴᠠᠨ ᠲᠣᠭᠤᠷᠢᠬᠤ ᠶᠢ | ᠠᠬᠢᠭᠤᠯᠵᠤ᠂ ᠭᠤᠢᠳᠠ ᠰᠠᠶᠢᠬᠠᠨ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ ᠭᠡᠵᠦ | ᠢᠯᠡᠷᠬᠡᠶᠢᠯᠡᠪᠡ᠃ | ᠵᠤ᠋ ᠯᠸᠢ ᠢᠯᠡᠷᠬᠡᠶᠢᠯᠡᠬᠦ ᠳᠡᠭᠡᠨ᠂ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠳᠠᠯᠳᠠ | ᠬᠦᠴᠦᠨ ᠯᠤᠲᠤ ᠶᠡᠭᠡ ᠪᠠᠶᠢᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ | ᠢ ᠬᠥᠭᠵᠢᠭᠦᠯᠬᠦ ᠳᠠᠪᠠᠭᠤᠯᠢᠭ ᠢᠯᠡᠳᠲᠡ ᠪᠠᠶᠢᠨ᠎ᠠ᠃ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ | ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠪᠠᠶᠢᠷᠢ ᠲᠣᠭᠲᠠᠭᠠᠯᠲᠠ | ᠣᠨᠣᠤᠪᠴᠢᠲᠠᠢ ᠡᠷᠢᠵᠦ᠂ ᠳᠡᠭᠡᠳᠦ ᠲᠠᠰ ᠤᠨ ᠴᠢᠨᠠᠷᠵᠢᠭᠰᠠᠨ᠂ ᠬᠡᠪᠰᠢᠭᠰᠡᠨ ᠥᠪᠡᠷᠮᠢᠴᠡ ᠣᠨᠴᠠᠯᠢᠭ ᠲᠠᠢ | ᠵᠢᠭᠤᠯᠴᠢᠯᠠᠯ ᠤᠨ ᠪᠦᠲᠦᠭᠡᠭᠳᠡᠬᠦᠨ ᠪᠠ ᠱᠤᠭᠤᠮ ᠢ ᠵᠢᠷᠤᠭᠯᠠᠨ ᠲᠥᠯᠥᠪᠯᠡᠵᠦ ᠣᠷᠣᠭᠤᠯᠤᠨ ᠳᠡᠯᠭᠡᠷᠡᠭᠦᠯᠵᠦ᠂ | ᠤᠯᠠᠭᠠᠨᠴᠠᠪ ᠤᠨ ᠵᠢᠭᠤᠯᠴᠢᠯᠠᠯ ᠤᠨ ᠠᠵᠤ ᠣᠶᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ | ᠭᠡᠪᠡ᠃ | ᠣᠷᠴᠢᠭᠤᠯᠤᠭᠴᠢ᠄ ᠳᠠᠪᠠᠯᠭᠠᠨ |