9 ᠰᠠᠷ᠎ᠠ ᠶᠢᠨ 15 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ | ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭᠤᠨ ᠬᠠᠮᠠᠭᠠᠯᠠᠯᠲᠠ ᠶᠢᠨ ᠲᠦᠷᠢᠮ︾ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠰᠢᠤᠢ ᡁᠢ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠸᠧᠶ ᠱᠢ ᠯᠢᠨ᠂ ᠯᠢ ᠵᠢᠶᠧ᠂ ᠬᠤᠲᠠ ᠶᠢᠨ ᠳᠡᠳ᠋ ᠳᠠᠷᠤᠭ᠎ᠠ ᠯᠸᠢ ᠷᠦ᠋ ᠰᠢᠨ ᠬᠤᠷᠠᠯ ᠳᠤ | ᠣᠷᠣᠯᠴᠠᠵᠠᠶ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭᠤᠨ | ᠬᠠᠮᠠᠭᠠᠯᠠᠯᠲᠠ ᠶᠢᠨ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠲᠥᠰᠦᠯ ᠤᠨ | ᠲᠤᠬᠠᠶ ᠰᠠᠨᠠᠯ ᠪᠠ ᠰᠠᠨᠠᠭᠤᠯᠭ᠎ᠠ ᠳᠤᠷᠠᠳᠪᠠ᠃ | ᠰᠢᠤᠢ ᡁᠢ ᠮᠢᠩ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠪᠠ ᠵᠢᠯ ᠤᠨ ᠡᠬᠢᠨ ᠤ ᠠᠵᠢᠯ ᠤᠨ ᠲᠤᠬᠢᠷᠠᠭᠤᠯᠤᠯᠲᠠ ᠶᠣᠰᠣᠭᠠᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ 9 ᠰᠠᠷ᠎ᠠ ᠶᠢᠨ ᠳᠤᠮᠳᠠᠴᠢ ᠪᠠᠷ ︽ᠤᠯᠠᠭᠠᠨᠴᠠᠪ ᠬᠤᠲᠠ ᠶᠢᠨ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠶᠢᠨ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠥᠷᠨᠢᠭᠦᠯᠬᠦ ᠪᠠᠷ ᠪᠡᠯᠡᠳᠬᠡᠵᠦ ᠪᠠᠶᠢᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠳᠦᠷᠢᠮ ᠤᠨ ᠬᠠᠤᠯᠢ | ᠬᠡᠷᠡᠭᠵᠢᠭᠦᠯᠦᠯᠲᠡ ᠶᠢ ᠪᠠᠶᠢᠴᠠᠭᠠᠬᠤ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠦᠨᠳᠦᠰᠦᠨ ᠱᠠᠭᠠᠷᠳᠠᠯᠭ᠎ᠠ ᠪᠣᠯᠬᠤ ᠂ ᠬᠤᠲᠠ ᠶᠢᠨ ᠨᠠᠮ ᠤᠨ | ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠪᠤᠳᠠᠳᠠᠢ ᠤᠶᠢᠯᠡᠳᠤᠯᠭᠡ ᠮᠥᠨ᠂ | ᠨᠠᠩ ᠴᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ | ᠮᠥᠨ ᠭᠡᠰᠡᠨ ᠢ ᠲᠠᠨᠢᠵᠤ᠂ ᠨᠠᠷᠢᠨ ᠬᠢᠨᠠᠮᠠᠭᠠᠶ ᠰᠤᠷᠤᠯᠴᠠᠵᠤ᠂ ᠬᠠᠤᠯᠢ ᠴᠠᠭᠠᠵᠠ ᠶᠢᠨ ᠲᠣᠭᠲᠠᠭᠠᠯ ᠢ ᠰᠠᠶᠢᠨ ᠮᠡᠳᠡᠵᠦ | ᠂ ᠬᠠᠤᠯᠢ ᠴᠠᠭᠠᠵᠠ ᠶᠢᠨ ᠵᠡᠪᠰᠡᠭ ᠢ ᠰᠠᠶᠢᠲᠤᠷ ᠬᠡᠷᠡᠭᠯᠡᠵᠦ᠂ ᠢᠮᠠᠭᠲᠠ ᠬᠠᠤᠯᠢ ᠴᠠᠭᠠᠵᠠ ᠬᠠᠤᠯᠢ ᠲᠣᠭᠲᠠᠭᠠᠯ ᠢᠶᠠᠷ | ᠦᠨᠳᠦᠰᠦᠨ ᠪᠠᠷᠢᠮᠵᠢᠶ᠎ᠠ ᠪᠣᠯᠭᠠᠵᠤ᠂ ᠬᠠᠷᠠᠯᠲᠠ ᠲᠠᠢ ᠪᠠᠷ ᠰᠤᠮᠤ ᠬᠠᠷᠪᠤᠵᠤ᠂ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠶᠢᠨ ᠳᠤᠮᠳᠠ ᠣᠷᠣᠰᠢᠵᠤ ᠪᠠᠶᠢᠭ᠎ᠠᠠᠰᠠᠭᠤᠳᠠᠯ᠂ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ︽ᠱᠦᠭᠦᠵᠦ ᠭᠠᠷᠭᠠᠬᠤ︾ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠣᠯᠠᠨ ᠤ ᠬᠦᠴᠦᠨ ᠳᠤ ᠭᠦᠢᠴᠡᠳ ᠲᠦᠰᠢᠭᠯᠡᠨ᠂ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠢᠳᠡᠪᠬᠢᠲᠡᠢ | ᠪᠠᠳᠠᠷᠠᠭᠤᠯᠵᠤ᠂ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠶᠠᠷᠢᠯᠴᠠᠬᠤ ᠬᠤᠷᠠᠯ ᠬᠢᠵᠦ ᠬᠠᠷᠢᠭᠤ | ᠮᠡᠳᠡᠭᠦᠯᠦᠯᠲᠡ ᠰᠣᠨᠣᠰᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠣᠷᠣᠰᠢᠵᠤ ᠪᠠᠶ᠋ᠭ᠎ᠠ ᠳᠤᠪᠤᠶᠢᠮ᠎ᠠ ᠠᠰᠠᠭᠤᠳᠠᠯ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ | ᠠᠷᠭᠠᠴᠠᠬᠤ ᠪᠤᠳᠤᠯᠭ᠎ᠠ ᠰᠠᠨᠠᠭᠤᠯᠭ᠎ᠠ ᠳᠤᠷᠠᠳᠴᠤ᠂ ᠬᠠᠤᠯᠢ ᠲᠣᠭᠲᠠᠭᠠᠯ ᠵᠦᠢᠯ ᠵᠤᠷᠪᠤᠰ ᠤᠨ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨᠢᠶ᠋ᠠᠷ ᠲᠦᠯᠬᠢᠨ ᠠᠬᠢᠭᠤᠯᠬᠤ ᠬᠡᠷᠡᠭᠲᠡᠶ᠃ ᠤᠰᠤᠨ ᠤ ᠡᠬᠢ ᠪᠠᠶᠠᠯᠢᠭ ᠢ | ᠬᠠᠮᠠᠭᠠᠯᠠᠬᠤ ᠳᠦᠷᠢᠮ ᠤᠨ ᠡᠯ᠎ᠡ ᠵᠦᠢᠯ ᠵᠤᠷᠪᠤᠰ ᠲᠠᠢ ᠬᠠᠷᠢᠴᠠᠭᠤᠯᠵᠤ᠂ ᠬᠠᠤᠯᠢ ᠶᠤᠰᠤᠭᠠᠷ ᠬᠠᠷᠢᠭᠤᠴᠠᠯᠭ᠎ᠠ ᠪᠠᠨ | ᠭᠦᠢᠴᠡᠳᠬᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠥᠪᠡᠰᠦᠪᠡᠨ | ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠬᠢᠨᠠᠮᠠᠭᠠᠶ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠨᠢᠭᠤᠵᠤ | ᠳᠠᠯᠳᠠᠯᠠᠬᠤ ᠦᠭᠡᠢ᠂ ᠤᠷᠢᠳᠴᠢᠯᠠᠨ ᠬᠡᠯᠡᠵᠦ ᠭᠠᠷᠭᠠᠬᠤ ᠦᠭᠡᠢ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ | ᠵᠥᠷᠢᠴᠡᠯ᠂ ᠬᠦᠴᠢᠷᠳᠡᠯ ᠪᠠ ᠠᠰᠠᠭᠤᠳᠠᠯ ᠢ ᠰᠢᠢᠳᠪᠤᠷᠢᠯᠡᠬᠦ ᠠᠷᠭ᠎ᠠ ᠵᠠᠮ ᠪᠠ ᠠᠷᠭ᠎ᠠ ᠶᠢ ᠬᠠᠮᠲᠤ ᠪᠠᠷ ᠰᠤᠳᠤᠯᠤᠨ᠎ᠠ᠃ | ᠰᠠᠭᠤᠷᠢ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠳᠣᠲᠣᠷ᠎ᠠ ᠶᠠᠮᠠᠷ ᠶᠠᠮᠠᠷ ᠭᠤᠣᠯ ᠮᠥᠷᠡᠨ᠂ ᠤᠰᠤᠨ ᠤ | ᠡᠬᠢ ᠰᠤᠷᠪᠤᠯᠵᠢ ᠪᠠᠶᠢᠬᠤ᠂ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠶᠠᠭᠤ ᠶᠠᠭᠤ ᠪᠠᠶᠢᠬᠤ ᠶᠢ | ᠲᠣᠳᠣᠷᠬᠠᠶᠢᠯᠠᠬᠤ ᠬᠡᠷᠡᠭᠲᠡᠶ᠃ ᠪᠠᠢᠳᠠᠯ ᠲᠣᠳᠣᠷᠬᠠᠶ᠂ ᠴᠢᠭᠯᠡᠯ ᠣᠨᠣᠪᠴᠢᠲᠠᠶ᠂ ᠠᠰᠠᠭᠤᠳᠠᠯ ᠢ ᠲᠣᠳᠣᠷᠬᠠᠶ ᠪᠣᠯᠭᠠᠵᠤ᠂ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠭᠰᠠᠨ ᠦᠷ᠎ᠡ ᠳ᠋ᠦᠩ ᠢ | ᠪᠦᠬᠦ ᠲᠠᠯ᠎ᠠ ᠪᠠᠷ ᠬᠤᠷᠢᠶᠠᠩᠭᠤᠶᠢᠯᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠠᠭ | ᠲᠤᠬᠠᠢ ᠳᠤᠨᠢ ᠪᠦᠷᠢᠯᠳᠦᠭᠦᠯᠵᠦ᠂ ᠬᠤᠲᠠᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠡᠷᠬᠢᠯᠡᠭᠴᠢᠳ ᠤᠨ ᠬᠤᠷᠠᠯ ᠠᠴᠠ ᠬᠢᠨᠠᠨ ᠵᠥᠪᠯᠡᠭᠰᠡᠨ ᠤ ᠳᠠᠷᠠᠭ᠎ᠠ ᠪᠠᠢᠩᠭᠤ ᠶᠢᠨ ᠬᠤᠷᠢᠶᠠᠨ ᠤ ᠬᠤᠷᠠᠯ ᠳᠤ | ᠳᠡᠪᠰᠢᠭᠦᠯᠵᠦ ᠬᠢᠨᠠᠨ ᠵᠥᠪᠯᠡᠭᠦᠯᠵᠦ ᠪᠠᠲᠤᠯᠠᠭᠤᠯᠬᠤ ᠬᠡᠷᠡᠭᠲᠡᠢ ᠭᠡᠪᠡ᠃ | ᠣᠷᠴᠢᠭᠤᠯᠤᠭᠴᠢ᠄ ᠳᠠᠪᠠᠯᠭᠠᠨ |